ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 728 ᠲᠤᠰᠬᠠᠢ ᠠᠵᠢᠯ ᠤᠨ ᠳᠤᠭᠤᠶᠢᠯᠠᠩ ᠬᠠᠮᠲᠤ ᠶᠢᠨ ᠨᠢᠭᠡᠳᠦᠭᠡᠷ ᠳᠡᠰ ᠤᠨ ᠭᠠᠪᠢᠶ᠎ᠠ ᠳᠡᠮᠳᠡᠭᠯᠡᠭᠦᠯᠪᠡ
ᠨᠡᠶᠢᠲᠡᠯᠡᠭᠰᠡᠨ ᠴᠠᠭ᠄
2021/10/26
       ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 728 ᠲᠤᠰᠬᠠᠢ        ᠠᠵᠢᠯ ᠤᠨ ᠳᠤᠭᠤᠶᠢᠯᠠᠩ ᠬᠠᠮᠲᠤ ᠶᠢᠨ ᠨᠢᠭᠡᠳᠦᠭᠡᠷ ᠳᠡᠰ ᠤᠨ ᠭᠠᠪᠢᠶ᠎ᠠ ᠳᠡᠮᠳᠡᠭᠯᠡᠭᠦᠯᠪᠡ                10 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠨᠥᠬᠦᠷ ᠤᠨ ᠨᠠᠶᠢᠳᠠᠯᠭ᠎ᠠ ᠪᠠᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠠᠵᠢᠯᠲᠠᠨ ᠤ ᠶᠠᠪᠤᠳᠠᠯ ᠪᠣᠯᠪᠠᠰᠤᠷᠠᠯ ᠤᠨ ᠭᠠᠵᠠᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠹᠧᠩ ᠢᠦᠶ ᠲᠤᠰᠬᠠᠶᠢᠯᠠᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠬᠠᠮᠲᠤ ᠶᠢᠨ ᠨᠢᠭᠡᠳᠦᠭᠡᠷ ᠳᠡᠰ ᠤᠨ ᠭᠠᠪᠢᠶ᠎ᠠ ᠳᠡᠮᠳᠡᠭᠯᠡᠭᠦᠯᠦᠭᠰᠡᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 728 ᠲᠤᠰᠬᠠᠶ ᠠᠵᠢᠯ ᠤᠨ ᠳᠤᠭᠤᠶᠢᠯᠠᠩ ᠳᠤ ᠱᠠᠩᠨᠠᠯ ᠬᠦᠷᠭᠡᠪᠡ᠃ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠢᠦᠶ ᠭᠤᠸᠠᠩ ᠮᠢᠩ᠂ ᠤᠯᠤᠰ ᠲᠥᠷᠥ ᠶᠢᠨ ᠬᠡᠯᠲᠡᠰ ᠤᠨ ᠠᠵᠢᠯᠲᠠᠨ ᠤ ᠶᠠᠪᠤᠳᠠᠯ ᠤᠨ ᠰᠠᠯᠠᠭᠠᠨ ᠤ ᠳᠠᠷᠤᠭ᠎ᠠ ᠵᠠᠩ ᠵᠢᠩ ᠲᠤᠤ ᠪᠠᠷ᠎ᠠ ᠪᠣᠯᠪᠠ᠃    
     ᠵᠠᠩ ᠹᠧᠩ ᠢᠦᠢ ᠨᠥᠬᠦᠷ ᠡᠩ ᠲᠡᠷᠢᠭᠦᠨ ᠳᠤ ᠳᠣᠲᠣᠭᠠᠳᠤ ᠶᠢ ᠬᠠᠮᠠᠭᠠᠯᠠᠬᠤ ᠶᠠᠮᠤᠨ ᠤ ᠬᠥᠬᠢᠭᠦᠯᠦᠨ ᠰᠠᠶᠢᠰᠢᠶᠠᠬᠤ ᠵᠠᠷᠯᠢᠭ ᠢ ᠤᠩᠰᠢᠨ ᠨᠡᠶᠢᠲᠡᠯᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠡᠮᠦᠨ᠎ᠡ ᠠᠴᠠ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 728 ᠲᠤᠰᠬᠠᠢ ᠠᠵᠢᠯ ᠤᠨ ᠳᠤᠭᠤᠶᠢᠯᠠᠩ ᠳᠤ ᠬᠠᠮᠲᠤ ᠶᠢᠨ ᠨᠢᠭᠡᠳᠦᠭᠡᠷ ᠳᠡᠰ ᠤᠨ ᠭᠠᠪᠢᠶᠠᠨ ᠮᠧᠳᠠᠯ ᠣᠯᠭᠤᠵᠤ᠂ ᠲᠡᠷᠡ ᠳᠠᠷᠤᠢ ᠳᠤᠨᠢ ᠲᠢᠩᠬᠢᠮ ᠤᠨ ᠨᠠᠮ ᠤᠨ ᠬᠤᠷᠢᠶᠠᠨ ᠤ ᠬᠠᠯᠠᠮᠵᠢᠯᠠᠯ ᠪᠠ ᠮᠡᠨᠳᠦᠴᠢᠯᠡᠯ ᠢ ᠳᠠᠮᠵᠢᠭᠤᠯᠪᠠ᠃      ᠵᠠᠩ ᠹᠧᠩ ᠢᠦᠢ ᠨᠥᠬᠦᠷ ᠠᠴᠠ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ 728 ᠲᠤᠰᠬᠠᠢ ᠠᠵᠢᠯ ᠤᠨ ᠳᠤᠭᠤᠶᠢᠯᠠᠩ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤᠮᠳᠠ ᠦᠨᠡᠨᠴᠢ ᠰᠢᠳᠤᠷᠭᠤ ᠪᠠᠶᠢᠬᠤ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠭᠰᠡᠨ᠂ ᠶᠠᠮᠤᠨ᠂ ᠲᠢᠩᠬᠢᠮ ᠬᠤᠶᠠᠷ ᠱᠠᠲᠤᠨ ᠤ ᠨᠠᠮ ᠤᠨ ᠬᠤᠷᠢᠶᠠᠨ ᠤ ᠭᠦᠢᠴᠡᠳ ᠨᠤᠲᠠᠯᠠᠯᠲᠠ ᠶᠢ ᠣᠯᠤᠭᠰᠠᠨ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠤᠷᠤᠯᠴᠠᠭᠤᠰᠢᠲᠠᠢ ᠰᠠᠶᠢᠨ ᠳᠠᠭᠤᠷᠢᠶᠠᠯ ᠪᠣᠯᠤᠨ᠎ᠠ᠃ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠢᠱᠢᠶᠡᠴᠢ ᠲᠡᠷᠢᠭᠦᠨ ᠤ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠬᠦᠴᠢᠷ ᠢ ᠰᠦᠷᠦᠨ ᠦᠯᠢᠭᠡᠷ ᠳᠠᠭᠤᠷᠢᠶᠠᠯ ᠪᠣᠯᠵᠤ᠂ ︽ᠬᠤᠶᠠᠷ ᠬᠠᠯᠬᠠᠪᠴᠢ︾ ᠶᠢᠨ ᠦᠨᠡᠨᠴᠢ ᠬᠠᠮᠠᠭᠠᠯᠠᠭᠴᠢ ᠪᠣᠯᠬᠤ ᠶᠢ ᠬᠦᠰᠡᠵᠦ ᠪᠠᠶᠢᠨ᠎ᠠ ᠭᠡᠪᠡ᠃    
     ᠢᠦᠢ ᠭᠤᠸᠠᠩ ᠮᠢᠩ ᠡᠷᠬᠢᠯᠡᠭᠴᠢ ᠬᠤᠳᠠ ᠶᠢᠨ ᠲᠣᠪᠴᠢᠶᠠᠨ ᠤ ᠤᠯᠤᠰ ᠲᠦᠷᠦ ᠶᠢᠨ ᠬᠡᠯᠲᠡᠰ ᠢ ᠲᠥᠯᠥᠭᠡᠯᠡᠨ ᠬᠠᠮᠲᠤ ᠶᠢᠨ ᠨᠢᠭᠡᠳᠦᠭᠡᠷ ᠳᠡᠰ ᠤᠨ ᠭᠠᠪᠢᠶ᠎ᠠ  ᠳᠡᠮᠳᠡᠭᠯᠡᠭᠦᠯᠦᠭᠰᠡᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 728 ᠲᠤᠰᠬᠠᠢ ᠠᠵᠢᠯ ᠤᠨ ᠳᠤᠭᠤᠶᠢᠯᠠᠩ ᠳᠤ ᠪᠠᠶᠠᠷ ᠬᠦᠷᠭᠡᠭᠰᠡᠨ ᠪᠥᠭᠡᠳ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠢᠷᠠᠭᠤ ᠠᠯᠳᠠᠷ ᠢᠶᠠᠨ ᠪᠠᠲᠤᠯᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠤᠯᠠᠨ ᠨᠡᠩ ᠰᠠᠶᠢᠨ ᠠᠮᠵᠢᠯᠲᠠ ᠤᠯᠬᠤ ᠶᠢ ᠬᠦᠰᠡᠮᠵᠢᠯᠡᠪᠡ᠃     ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠳᠡᠳ᠋ ᠲᠣᠪᠴᠢᠶᠠᠨ ᠳᠠᠷᠤᠭ᠎ᠠ ᠰᠤᠷᠲᠠᠯᠲᠤ ᠲᠣᠪᠴᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠵᠠᠩ ᠹᠧᠩ ᠢᠦᠶ ᠨᠥᠬᠦᠷ ᠤᠨ ᠱᠠᠩᠨᠠᠯ ᠬᠦᠷᠭᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳᠣᠲᠣᠭᠠᠳᠤ ᠶᠢ ᠬᠠᠮᠠᠭᠠᠯᠠᠬᠤ ᠲᠢᠩᠬᠢᠮ ᠱᠠᠩᠨᠠᠯ ᠬᠦᠷᠭᠡᠬᠦ ᠠᠵᠢᠯᠯᠠᠭ᠎ᠠ ᠥᠷᠨᠢᠭᠦᠯᠵᠦ ᠪᠠᠶᠢᠭ᠎ᠠ ᠨᠢ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢᠨ ᠬᠠᠮᠲᠤ ᠪᠠᠰᠠ ᠤᠷᠮᠠᠰᠢᠭᠤᠯᠤᠨ ᠵᠣᠷᠢᠭᠵᠢᠭᠤᠯᠵᠤ ᠪᠠᠶᠢᠬᠤ ᠶᠢᠨ ᠲᠥᠯᠥᠭᠡ ᠶᠤᠮ᠃ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠠᠪᠲᠠᠶ ᠢᠷᠠᠭᠤ ᠠᠯᠳᠠᠷ ᠢᠶᠠᠨ ᠬᠤᠪᠢ ᠳᠠᠬᠢᠨ ᠨᠠᠨᠳᠢᠩᠨᠠᠵᠤ᠂ ᠲᠣᠰ ᠤᠳᠠᠭᠠᠨ ᠤ ᠱᠠᠩᠨᠠᠯ ᠬᠦᠷᠭᠡᠬᠦ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠶᠢᠵᠤ᠂ ᠲᠣᠭᠲᠠᠭᠤᠨ ᠢ ᠬᠠᠮᠠᠭᠠᠯᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠪᠠᠷ ᠭᠦᠢᠴᠡᠳᠭᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠣᠭᠲᠠᠭᠤᠨ ᠪᠠᠶᠢᠳᠠᠯ᠂ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠳᠤ ᠳᠠᠬᠢᠨ ᠰᠢᠨ᠎ᠡ ᠭᠠᠪᠢᠶ᠎ᠠ ᠪᠠᠶᠢᠭᠤᠯᠤᠨ᠎ᠠ ᠭᠡᠪᠡ᠃     ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠯᠦᠸᠧ ᠬᠤᠩ ᠮᠧᠶ ᠵᠢᠴᠢ 728 ᠲᠤᠰᠬᠠᠶ ᠠᠵᠢᠯ ᠤᠨ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃ ︵ᠣᠩᠨᠢᠭᠤᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠵᠸᠦ ᠬᠠᠢ ᠮᠸᠢ ᠮᠡᠳᠡᠭᠡᠯᠡᠪᠡ︶
ᠢᠷᠡᠯᠲᠡ᠄ ᠤᠯᠠᠭᠠᠨᠬᠠᠳᠠ ᠬᠤᠳᠠ ᠶᠢᠨ ᠲᠤᠳᠣᠭᠠᠳᠣ ᠶᠢ ᠬᠠᠮᠠᠭᠠᠯᠠᠬᠤ ᠲᠤᠪᠴᠢᠶ᠎ᠠ