ᠴᠠᠭᠳᠠᠭᠠᠨ ᠤ ᠪᠤᠯᠪᠠᠰᠤᠷᠠᠯ ᠢ ᠶᠡᠭᠡ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2021/10/26
          ᠴᠠᠭᠳᠠᠭᠠᠨ ᠤ ᠪᠤᠯᠪᠠᠰᠤᠷᠠᠯ ᠢ ᠶᠡᠭᠡ ᠪᠠᠷ ᠥᠷᠨᠢᠭᠦᠯᠪᠡ            ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠲᠠᠯ᠎ᠠ ᠪᠠᠷ ᠪᠣᠯᠪᠠᠰᠤᠷᠠᠭᠤᠯᠬᠤ ᠪᠠ ᠭᠤᠤᠯᠳᠠᠯᠭ᠎ᠠ ᠲᠠᠢ ᠪᠣᠯᠪᠠᠰᠤᠷᠠᠭᠤᠯᠬᠤ ᠶᠢ ᠤᠶᠠᠯᠳᠤᠭᠤᠯᠬᠤ᠂ ᠪᠥᠬᠦ ᠴᠠᠭᠳᠠᠭᠠᠨ ᠤ ᠪᠣᠯᠪᠠᠰᠤᠷᠠᠯ ᠪᠠ ᠴᠠᠭᠳᠠᠭᠠᠨ ᠤ ᠲᠥᠷᠥᠯ ᠤᠨ ᠪᠣᠯᠪᠠᠰᠤᠷᠠᠯ ᠢ ᠬᠠᠷᠢᠯᠴᠠᠨ ᠠᠬᠢᠭᠤᠯᠬᠤ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠵᠠᠮ ᠬᠠᠷᠢᠯᠴᠠᠭᠠᠨ ᠤ ᠴᠠᠭᠳᠠᠭ᠎ᠠ᠂ ᠣᠨᠴᠠ ᠲᠥᠷᠦᠯ ᠤᠨ ᠴᠠᠭᠳᠠᠭ᠎ᠠ᠂ ᠡᠷᠡᠭᠦᠦ ᠶᠢᠨ ᠴᠠᠭᠳᠠᠭ᠎ᠠ᠂ ᠰᠦᠯᠵᠢᠶᠡᠨ ᠤ ᠠᠮᠤᠷ ᠲᠦᠪᠰᠢᠨ᠂ ᠬᠤᠤᠷ ᠴᠠᠭᠠᠵᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠲᠡᠶᠢᠨ ᠤ ᠲᠠᠯᠠᠪᠤᠷ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠳᠠᠭᠤᠷᠢᠶᠠᠨ ᠡᠰᠡᠷᠭᠦᠴᠡᠯᠳᠦᠬᠦ ᠮᠠᠶ᠋ᠢᠭ᠂ ᠰᠢᠯᠭᠠᠷᠠᠭᠤᠯᠬᠤ ᠮᠠᠶ᠋ᠢᠭ ᠤᠨ ᠤᠷᠤᠯᠳᠤᠭᠠᠨ ᠤ ᠠᠵᠢᠯᠯᠠᠭ᠎ᠠ ᠪᠠ ᠤᠯᠠᠭᠠᠨ ᠬᠥᠬᠡ ᠶᠢᠨ ᠡᠰᠡᠷᠭᠦᠴᠡᠯᠳᠦᠯ ᠤᠨ ᠳᠠᠭᠤᠷᠢᠶᠠᠮᠠᠯ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠬᠡᠷᠡᠭᠯᠡᠬᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠂ ᠨᠠᠷᠢᠨ ᠪᠤᠳᠤᠯᠢᠶᠠᠨᠲᠠᠶ ᠬᠡᠷᠡᠭ ᠢ ᠰᠢᠢᠳᠪᠦᠷᠢᠯᠡᠬᠦ ᠪᠠ ᠣᠯᠠᠨ ᠲᠦᠮᠡᠨ ᠤ ᠠᠵᠢᠯ᠂ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃    
     ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠨᠢ ᠳᠠᠶᠢᠨ ᠤ ᠦᠶ᠎ᠡ ᠳᠤ ᠢᠯᠡᠷᠡᠵᠦ᠂ ᠡᠩ ᠤᠨ ᠦᠶ᠎ᠡ ᠳᠤ ᠲᠣᠭᠳᠠᠭᠠᠭᠳᠠᠨ᠎ᠠ᠃ ᠦᠢᠯᠡᠳᠦᠯᠭᠡ ᠲᠠᠢ ᠤᠶᠠᠯᠳᠤᠭᠤᠯᠤᠨ ᠤᠷᠳᠤ ᠬᠤᠭᠤᠴᠠᠭᠠᠨ ᠤ ᠪᠣᠯᠪᠠᠰᠤᠷᠠᠯ ᠬᠢᠪᠡᠯ ᠠᠷᠠᠳ ᠤᠨ ᠴᠠᠭᠳᠠᠭ᠎ᠠ ᠭᠡᠨᠡᠳᠲᠡ ᠶᠢᠨ ᠬᠡᠷᠡᠭ ᠲᠤ ᠤᠴᠠᠷᠠᠬᠤ ᠦᠶ᠎ᠡ ᠳᠤ ᠨᠡᠩ ᠰᠠᠶᠢᠨ ᠨᠡᠩ ᠲᠦᠷᠭᠡᠨ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠵᠦ ᠴᠢᠳᠠᠨ᠎ᠠ᠃    
     ᠪᠦᠬᠦ ᠴᠠᠭᠳᠠᠭ᠎ᠠ ᠪᠣᠯᠪᠠᠰᠤᠷᠠᠯ ᠳᠤ ᠣᠷᠣᠯᠴᠠᠵᠤ᠂ ᠪᠦᠬᠦ ᠶᠠᠪᠤᠴᠠ ᠶᠢᠨ ᠪᠣᠯᠪᠠᠰᠤᠷᠠᠯ ᠨᠢ ᠪᠣᠯᠪᠠᠰᠤᠷᠠᠯ ᠤᠨ ᠠᠭᠤᠷ ᠠᠮᠢᠰᠬᠤᠯ ᠢ ᠨᠡᠩ ᠰᠠᠶᠢᠲᠤᠷ ᠪᠤᠢ ᠪᠣᠯᠭᠠᠵᠤ᠂ ᠠᠷᠠᠳ ᠤᠨ ᠴᠠᠭᠳᠠᠭ᠎ᠠ ᠶᠢᠨ ᠪᠠᠶᠢᠳᠠᠯ ᠢ ᠳᠡᠭᠡᠭᠰᠢᠯᠡᠭᠦᠯᠵᠦ ᠴᠢᠳᠠᠨ᠎ᠠ᠃ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠤ ᠡᠯ᠎ᠡ ᠵᠦᠢᠯ ᠤᠨ ᠪᠣᠯᠪᠠᠰᠤᠷᠠᠯ ᠤᠨ ᠲᠦᠷᠢᠮ ᠲᠣᠭᠲᠠᠭᠠᠯ ᠢ ᠬᠦᠴᠦᠯᠡᠨ ᠪᠦᠷᠢᠨᠰᠢᠭᠦᠯᠵᠦ᠂ ᠵᠢᠭᠠᠨ ᠰᠤᠷᠭᠠᠬᠤ᠂ ᠰᠤᠷᠤᠯᠴᠠᠬᠤ᠂ ᠪᠣᠯᠪᠠᠰᠤᠷᠠᠬᠤ᠂ ᠪᠠᠶᠢᠯᠳᠤᠬᠤ ᠶᠢ ᠨᠢᠭᠡ ᠴᠤᠭᠴᠠᠵᠢᠭᠤᠯᠤᠭᠰᠠᠨ ᠪᠣᠯᠪᠠᠰᠤᠷᠠᠯ ᠤᠨ ᠵᠠᠭᠪᠤᠷ ᠢ ᠲᠡᠭᠦᠯᠳᠡᠷᠵᠢᠭᠦᠯᠵᠦ᠂ ᠪᠣᠯᠪᠠᠰᠤᠷᠠᠯ ᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠬᠥᠭᠵᠢᠯᠲᠡ ᠶᠢ ᠠᠬᠢᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠶᠡᠭᠡ ᠪᠣᠯᠪᠠᠰᠤᠷᠠᠭᠤᠯᠢᠯᠠᠯ ᠤᠨ ᠬᠠᠯᠠᠭᠤᠨ ᠤᠷᠤᠰᠬᠠᠯ ᠳᠤ ᠨᠢᠭᠲᠠᠷᠠᠭᠤᠯᠵᠤ᠂ ︽ᠳᠥᠷᠪᠡᠨ ᠲᠡᠮᠦᠷ ᠮᠡᠲᠦ︾ ᠤᠯᠠᠭᠠᠨᠬᠠᠳᠠ ᠶᠢᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠤᠨ ᠳᠦᠷᠢ ᠲᠥᠷᠬᠦ ᠶᠢ ᠳᠠᠪᠲᠠᠨ ᠪᠣᠯᠪᠠᠰᠤᠷᠠᠭᠤᠯᠪᠠ᠃ ︵ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠤᠯᠠᠭᠠᠨᠬᠠᠳᠠ ᠬᠤᠳᠠ ᠶᠢᠨ ᠲᠤᠳᠣᠭᠠᠳᠣ ᠶᠢ ᠬᠠᠮᠠᠭᠠᠯᠠᠬᠤ ᠲᠤᠪᠴᠢᠶ᠎ᠠ