ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯᠲᠠᠨ ᠤ ᠶᠠᠪᠤᠳᠠᠯ ᠪᠣᠯᠪᠠᠰᠤᠷᠠᠯ ᠤᠨ ᠭᠠᠵᠠᠷ ᠤᠨ ᠤᠳᠤᠷᠢᠳᠤᠯᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/10/8
     ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯᠲᠠᠨ ᠤ ᠶᠠᠪᠤᠳᠠᠯ      ᠪᠣᠯᠪᠠᠰᠤᠷᠠᠯ ᠤᠨ ᠭᠠᠵᠠᠷ ᠤᠨ ᠤᠳᠤᠷᠢᠳᠤᠯᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ      ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠪᠠ      8 ᠳ᠋ᠤᠭᠠᠷ ᠤᠳᠠᠭᠠᠨ ᠤ ︽ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ︾  ᠬᠦᠷᠴᠦ ᠢᠷᠡᠬᠦ ᠠᠴᠠ ᠡᠮᠦᠨᠡᠬᠡᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯᠳᠠᠨ ᠤ ᠶᠠᠪᠤᠳᠠᠯ ᠪᠣᠯᠪᠠᠰᠤᠷᠠᠯ ᠤᠨ ᠭᠠᠵᠠᠷ ᠤᠨ ᠤᠳᠤᠷᠢᠳᠤᠯᠭ᠎ᠠ ᠤᠯᠠᠭᠠᠨᠴᠠᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠦᠷᠦ ᠶᠢᠨ ᠬᠡᠯᠲᠡᠰ ᠤᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠪᠠᠭᠠᠲᠤᠷ ᠳᠡᠯᠭᠡᠷ ᠪᠣᠯᠤᠨ ᠹᠧᠩ ᠡᠦ ᠶᠢᠨ ᠭᠡᠷ ᠲᠤ ᠬᠦᠷᠴᠦ ᠲᠣᠬᠤᠨᠢᠭᠤᠯᠵᠠᠢ᠃
     ᠦᠷᠡᠭᠳᠡᠭᠰᠡᠨ ᠪᠠᠭᠠᠲᠤᠷ ᠳᠡᠯᠭᠡᠷ ᠤᠨ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠮᠥᠩᠭᠦ ᠵᠠᠬᠢᠳᠠᠯ ᠬᠦᠷᠭᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠦᠷᠡᠭᠳᠡᠭᠰᠡᠨ ᠪᠠᠭᠠᠲᠤᠷ ᠹᠧᠩ ᠡᠦ ᠶᠢᠨ ᠭᠡᠷ ᠪᠦᠯᠢ ᠶᠢᠨ ᠬᠢᠨ ᠤ ᠠᠵᠤ ᠠᠬᠤᠢ ᠶᠢᠨ ᠪᠠᠶᠢᠳᠠᠯ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠲᠠᠢ ᠪᠣᠳᠠᠲᠠᠢ ᠬᠦᠴᠢᠷᠳᠡᠯ ᠢ ᠠᠰᠠᠭᠤᠨ ᠯᠠᠪᠯᠠᠵᠤ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠹᠧᠩ ᠡᠦ ᠶᠢᠨ ᠭᠡᠷ ᠪᠦᠯᠢ ᠶᠢᠨ ᠬᠢᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠤᠢᠢᠯᠠᠭᠠᠨ ᠳᠡᠮᠵᠢᠭᠰᠡᠨ ᠪᠠ ᠰᠢᠷᠭᠠᠭᠤ ᠬᠠᠲᠠᠭᠤᠵᠢᠯᠲᠠᠢ ᠪᠠᠷ ᠵᠢᠳᠬᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠣᠬᠤᠨᠢᠭᠤᠯᠬᠤ ᠮᠥᠩᠭᠦ ᠵᠠᠬᠢᠳᠠᠯ ᠬᠦᠷᠭᠡᠪᠡ᠃
     ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠣᠬᠤᠨᠢᠭᠤᠯᠬᠤ ᠤᠳᠤᠷᠢᠳᠤᠯᠭ᠎ᠠ ᠠᠴᠠ᠂ ᠦᠷᠡᠭᠳᠡᠭᠰᠡᠨ ᠪᠠᠭᠠᠲᠤᠷ ᠳᠡᠯᠭᠡᠷ ᠪᠣᠯᠤᠨ ᠹᠧᠩ ᠦ᠋ ᠤᠯᠤᠰ ᠣᠷᠣᠨ ᠪᠣᠯᠤᠨ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠪᠡᠶ᠎ᠡ ᠦᠷᠡᠭᠳᠡᠭᠰᠡᠨ ᠢ ᠨᠠᠮ ᠪᠣᠯᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ᠂ ᠲᠡᠳᠡᠨ ᠤ ᠪᠠᠭᠠᠲᠤᠷᠯᠢᠭ ᠦᠢᠯᠡ ᠠᠵᠢᠯᠯᠠᠭ᠎ᠠ ᠲᠡᠦᠬᠡ ᠶᠢᠨ ᠬᠠᠭᠤᠳᠠᠰᠤᠨ ᠳᠤ ᠥᠨᠢᠳᠡ ᠲᠡᠮᠳᠡᠭᠯᠡᠭᠳᠡᠬᠦ ᠶᠤᠮ᠃ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ ᠥᠪᠡᠷ ᠤᠨ ᠪᠡᠶ᠎ᠡ ᠮᠠᠬᠠᠪᠣᠳ ᠢᠶᠠᠨ ᠰᠠᠶᠢᠲᠤᠷ ᠬᠠᠷᠠᠭᠠᠯᠵᠠᠬᠤ ᠶᠢ ᠬᠦᠰᠡᠵᠦ ᠪᠠᠶᠢᠨ᠎ᠠ᠂ ᠬᠡᠷᠪᠡ ᠬᠦᠴᠢᠷᠳᠡᠯ ᠲᠤᠯᠭᠠᠷᠠᠪᠠᠯ ᠴᠠᠭ ᠲᠤᠬᠠᠶ ᠳᠤ ᠨᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠪᠣᠯᠤᠨ ᠠᠷᠠᠳ ᠤᠨ ᠴᠠᠭᠳᠠᠭ᠎ᠠ ᠲᠠᠢ ᠬᠠᠷᠢᠯᠴᠠᠭᠠᠷᠠᠢ᠂ ᠪᠢᠳᠡ ᠪᠥᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ ᠥᠭᠭᠦᠶ᠎ᠡ ᠭᠡᠪᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ