ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ | ︽ᠲᠦᠷᠪᠡᠨ ᠲᠥᠷᠦᠯ ᠤᠨ ᠪᠠᠭ᠎ᠠ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ︾ | ᠥᠷᠨᠢᠭᠦᠯᠵᠦ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠪᠡ | | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠳᠦᠮᠵᠢ ᠶᠢᠨ | ᠬᠤᠪᠢᠷᠠᠭᠤᠯᠤᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ︽ᠰᠡᠷᠭᠡᠶᠢᠯᠡᠯᠲᠡ ᠶᠢ ᠠᠳᠬᠤᠵᠤ᠂ ᠬᠡᠷᠡᠭ ᠡᠭᠦᠰᠬᠦ ᠶᠢ ᠬᠢᠵᠠᠭᠠᠷᠯᠠᠵᠤ᠂ ᠠᠮᠤᠷ ᠲᠦᠪᠰᠢᠨ ᠢ | ᠪᠠᠲᠤᠯᠠᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠲᠠᠢ ᠤᠶᠠᠯᠳᠤᠭᠤᠯᠵᠤ᠂ ︽ᠰᠠᠭᠤᠷᠢ ᠶᠢ ᠪᠠᠲᠤᠳᠬᠠᠨ ᠢᠷᠡᠯᠲᠡ ᠶᠢ ᠴᠡᠪᠡᠷᠯᠡᠬᠦ︾ ᠲᠤᠰᠬᠠᠢ | ᠠᠵᠢᠯᠯᠠᠭ᠎ᠠ ᠶᠢ ᠥᠷᠨᠢᠭᠦᠯᠪᠡ᠃ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠭᠤᠣᠯᠳᠠᠭᠤ ᠬᠠᠷᠢᠶ᠎ᠠ ᠣᠷᠣᠨ ᠤ ᠪᠠᠨ ᠪᠣᠳᠠᠲᠤ | ᠪᠠᠶᠢᠳᠠᠯ ᠤᠨ ᠲᠣᠭᠤᠷᠢᠨ ᠳᠤ᠂ ᠠᠷᠠᠳ ᠤᠯᠠᠨ ᠤ ᠰᠢᠢᠳᠪᠦᠷᠢᠯᠡᠬᠦ ᠪᠠᠷ ᠬᠦᠰᠡᠵᠦ ᠪᠠᠶᠢᠭ᠎ᠠ ᠬᠠᠯᠠᠮᠰᠢᠯ ᠠᠰᠠᠭᠤᠳᠠᠯ ᠪᠣᠯᠤᠨ ᠬᠦᠴᠢᠷ ᠠᠰᠠᠭᠤᠳᠠᠯ ᠢ ᠴᠢᠩᠭ᠎ᠠ | ᠠᠩᠬᠠᠷᠴᠤ᠂ ᠰᠢᠨ᠎ᠡ ᠶᠢ ᠡᠭᠦᠳᠦᠨ ︽ᠲᠦᠷᠪᠡᠨ ᠲᠥᠷᠦᠯ ᠤᠨ ᠪᠠᠭ᠎ᠠ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ︾ ᠶᠢ ᠥᠷᠨᠢᠭᠦᠯᠵᠦ᠂ ᠤᠯᠠᠨ ᠲᠦᠮᠡᠨ ᠤ ᠬᠦᠴᠢᠷ | ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠨ᠂ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ | ᠲᠠᠰᠤᠷᠠᠯᠲᠠ ᠦᠭᠡᠢ ᠠᠬᠢᠭᠤᠯᠤᠨ᠂ ᠲᠤᠬᠠᠶᠢᠯᠠᠭᠰᠠᠨ ᠠᠵᠢᠯ ᠪᠣᠯᠤᠨ ᠡᠩᠨᠡᠭᠡᠨ ᠤ ᠪᠠᠶᠢᠭᠤᠯᠤᠯᠲᠠ ᠶᠢᠨ ᠪᠡᠶ᠎ᠡ ᠮᠠᠬᠠᠪᠣᠳ ᠤᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠠᠷᠠᠳ ᠤᠯᠠᠨ ᠤ ᠲᠠᠶᠢᠪᠤᠩᠳᠤ ᠲᠦᠷᠦᠭᠳᠡᠯ᠂ ᠣᠯᠤᠯᠲᠠ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨ ᠬᠦ ᠲᠡᠭᠡᠭᠰᠢᠯᠡᠭᠦᠯᠪᠡ᠃ | | | | | ᠨᠢᠭᠡ᠂ ᠠᠶᠤᠯ ᠢ ᠥᠨᠳᠦᠰᠦ ᠠᠴᠠ ᠨᠢ ᠠᠷᠢᠯᠭᠠᠵᠤ᠂ ᠠᠷᠠᠳ ᠤᠨ ᠰᠡᠳᠬᠢᠯ ᠢ ᠠᠮᠤᠷᠵᠢᠭᠤᠯᠬᠤ ᠠᠵᠢᠯᠯᠠᠭ᠎ᠠ ᠶᠢ ᠥᠷᠨᠢᠭᠦᠯᠪᠡ᠃ ᠬᠠᠷᠢᠶᠠᠲᠤ ᠣᠷᠣᠨ ᠤ ︽ | ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ ᠶᠢ ᠶᠡᠬᠡᠪᠡᠷ ᠥᠷᠨᠢᠭᠦᠯᠵᠦ᠂ ᠣᠳᠣᠬᠠᠨ ᠤ ︽ᠰᠠᠭᠤᠷᠢ ᠶᠢ ᠪᠠᠲᠤᠳᠬᠠᠨ | ᠢᠷᠡᠯᠲᠡ ᠶᠢ ᠴᠡᠪᠡᠷᠯᠡᠬᠦ︾ ᠲᠤᠰᠬᠠᠶ ᠠᠵᠢᠯᠯᠠᠭ᠎ᠠ ᠶᠢᠨ ᠰᠠᠭᠤᠷᠢ ᠶᠢ ᠤᠶᠢᠯᠠᠭᠠᠨ ᠵᠢᠭᠰᠠᠭᠠᠬᠤ ᠠᠵᠢᠯ᠂ ︽ᠦᠷᠭᠡᠨ ᠣᠯᠠᠨ ᠴᠠᠭᠳᠠᠭ᠎ᠠ ᠣᠯᠠᠨ ᠲᠦᠮᠡᠨ ᠤ ᠳᠤ | ᠭᠦᠨᠵᠡᠭᠡᠶᠢᠷᠡᠬᠦ︾ ᠠᠵᠢᠯᠯᠠᠭ᠎ᠠ ᠪᠣᠯᠤᠨ ᠳᠡᠭᠡᠳᠦ ᠱᠠᠲᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠶ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠭᠤᠣᠯ ᠬᠤᠲᠠ ᠶᠢᠨ ᠲᠣᠭᠤᠷᠢᠭ ᠤᠨ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ ᠣᠷᠣᠨ ᠪᠦᠰᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ︽ᠺᠠᠷᠲ ᠢᠶᠠᠷ ᠪᠦᠷᠢᠳᠭᠡᠭᠦᠯᠬᠦ ᠬᠡᠯᠪᠡᠷᠢ᠂ ᠱᠣᠰᠢᠭ᠎ᠠ ᠲᠡᠮᠳᠡᠭ ᠲᠠᠯᠪᠢᠬᠤ ᠬᠡᠯᠪᠡᠷᠢ︾ ᠶᠢᠨ | ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠷᠭ᠎ᠠ ᠶᠢ ᠠᠪᠴᠤ᠂ ᠣᠯᠠᠨ ᠲᠦᠮᠡᠨ ᠤ ᠲᠤᠰᠬᠠᠯ ᠶᠡᠬᠡᠲᠡᠶ ᠠᠮᠤᠷ ᠲᠦᠪᠰᠢᠨ ᠤ ᠠᠰᠠᠭᠤᠳᠠᠯ ᠲᠣᠪᠤᠶᠢᠮ᠎ᠠ ᠪᠠᠶᠢᠭ᠎ᠠ | ᠰᠠᠭᠤᠭᠠᠯᠢ ᠠᠷᠠᠳ ᠤᠨ ᠲᠣᠭᠤᠷᠢᠭ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠡᠯ᠎ᠡ ᠳᠤᠮᠳᠠᠳᠤ ᠪᠠᠭ᠎ᠠ ᠰᠤᠷᠭᠠᠭᠤᠯᠢ | ᠬᠡᠤᠬᠡᠳ ᠤᠨ ᠴᠡᠴᠡᠷᠯᠢᠭ ᠲᠤ ᠪᠥᠬᠦ ᠲᠠᠯ᠎ᠠ ᠶᠢᠨ ᠪᠠᠶᠢᠴᠠᠭᠠᠯᠲᠠ ᠶᠢ ᠭᠤᠤᠯᠳᠠᠯᠭ᠎ᠠ ᠲᠠᠢ ᠥᠷᠨᠢᠭᠦᠯᠪᠡ᠃ ᠬᠠᠷᠢᠶᠠᠲᠤ ᠣᠷᠣᠨ ᠤ ᠤᠯᠠᠨ ᠲᠦᠮᠡᠨ ᠤ ᠲᠤᠰᠬᠠᠯ ᠤᠯᠠᠨ᠂ | ᠰᠠᠨᠠᠯ ᠶᠡᠭᠡ᠂ ᠶᠠᠷᠢᠶ᠎ᠠ ᠬᠡᠯᠡᠯᠴᠡᠭᠡ ᠲᠥᠪᠯᠡᠷᠡᠭᠰᠡᠨ ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ ᠲᠦᠪᠰᠢᠨ ᠤ | ᠲᠠᠯᠳᠠ ᠭᠡᠮ ᠢ ᠠᠷᠢᠯᠭᠠᠨ᠂ ᠠᠮᠤᠷ ᠲᠦᠪᠰᠢᠨ ᠤ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠱᠠᠯᠢᠭ ᠵᠠᠪᠬᠠᠶ ᠵᠦᠢᠯᠡᠰ ᠤᠨ ᠲᠦᠷᠦᠯ ᠤᠨ | ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠢ 35 ᠤᠳᠠᠭ᠎ᠠ ᠲᠠᠩᠨᠠᠨ ᠰᠢᠢᠳᠪᠦᠷᠢᠯᠡᠵᠦ᠂ ᠥᠷᠭᠡᠨ ᠤᠯᠠᠨ ᠠᠷᠠᠳ ᠲᠦᠮᠡᠨ ᠤ ᠠᠵᠢᠯ᠂ ᠠᠮᠢᠳᠤᠷᠠᠯ ᠳᠤ | ᠠᠮᠤᠷ ᠲᠦᠪᠰᠢᠨ᠂ ᠠᠮᠤᠷ ᠲᠣᠭᠲᠠᠭᠤᠨ ᠣᠷᠴᠢᠨ ᠨᠥᠬᠦᠴᠡᠯ ᠢ ᠦᠨᠡᠨ ᠬᠦ ᠪᠤᠢ ᠪᠣᠯᠭᠠᠵᠤ ᠥᠭᠪᠡ᠃ | | | | | ᠬᠤᠶᠠᠷ᠂ ᠵᠣᠪᠠᠨᠢᠯ ᠢ ᠥᠨᠳᠦᠰᠦ ᠠᠴᠠ ᠨᠢ ᠠᠷᠢᠯᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠪᠡ᠃ ᠰᠢᠨ᠎ᠡ ᠴᠠᠭ | ᠦᠶ᠎ᠡ ᠶᠢᠨ ︽ ᠹᠧᠩ ᠴᠢᠶᠣᠣ ᠮᠠᠶ᠋ᠢᠭ ᠤᠨ ᠲᠣᠮᠢᠯᠠᠭᠰᠠᠨ ᠰᠠᠯᠪᠤᠷᠢ︾ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠦᠢᠯᠡᠴᠢᠯᠡᠭᠡᠨ ᠤ ᠡᠭᠦᠷᠭᠡ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ | ︽ᠦᠷᠭᠡᠨ ᠣᠯᠠᠨ ᠴᠠᠭᠳᠠᠭ᠎ᠠ ᠣᠯᠠᠨ ᠲᠦᠮᠡᠨ ᠤ ᠳᠤ ᠭᠦᠨᠵᠡᠭᠡᠶᠢᠷᠡᠬᠦ︾ ᠠᠵᠢᠯᠯᠠᠭ᠎ᠠ ᠲᠠᠢ ᠤᠶᠠᠯᠳᠤᠭᠤᠯᠤᠨ᠂ ᠭᠤᠷᠪᠠ ᠶᠢ ᠲᠣᠬᠢᠷᠠᠭᠤᠯᠬᠤ ᠶᠢ ᠬᠤᠯᠪᠣᠯᠳᠤᠭᠤᠯᠬᠤ᠂ | ᠣᠯᠠᠨ ᠡᠰᠢᠵᠢᠬᠦᠯᠦᠨ ᠡᠶᠡᠳᠡᠭᠦᠯᠬᠦ ᠪᠠᠷ ᠲᠦᠰᠢᠭ ᠪᠣᠯᠭᠠᠵᠤ᠂ 5 ᠲᠣᠮᠢᠯᠠᠭᠰᠠᠨ ᠰᠠᠯᠪᠤᠷᠢ ᠨᠢ ᠬᠠᠷᠢᠶᠠᠲᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠴᠥᠮ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠲᠠᠰᠤᠭ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠦᠯᠢᠶᠡᠨ ᠠᠪᠬᠤ᠂ | ᠪᠦᠬᠦᠨ ᠢ ᠬᠠᠮᠤᠷᠤᠨ ᠡᠶᠡᠳᠡᠭᠦᠯᠬᠦ᠂ ᠪᠦᠬᠦ ᠬᠡᠯᠬᠢᠶ᠎ᠡ ᠪᠠᠷ ᠰᠢᠢᠳᠪᠦᠷᠢᠯᠡᠬᠦ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 356 | ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠨ᠂ 326 ᠬᠡᠷᠡᠭ ᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ ᠨᠢ | 91.6% ᠳᠤ ᠬᠦᠷᠴᠦ᠂ ᠢᠷᠭᠡᠨ ᠤ ᠬᠡᠷᠡᠭ ᠠᠴᠠ ᠡᠷᠡᠭᠦᠦ ᠶᠢᠨ ᠬᠡᠷᠡᠭ ︽ᠡᠭᠦᠰᠬᠦ ᠦᠭᠡᠢ ᠪᠠᠶᠢᠬᠤ︾ ᠶᠢ ᠪᠠᠳᠤᠯᠠᠬᠤ ︽ᠦᠨᠳᠦᠰᠦᠨ ᠠᠷᠭ᠎ᠠ ᠠᠪᠴᠠᠯ︾ | ᠪᠣᠯᠪᠠ᠃ | | | | | ᠭᠤᠷᠪᠠ᠂ ᠪᠠᠭ᠎ᠠ ᠬᠡᠷᠡᠭ ᠢ ᠢᠯᠡᠷᠡᠭᠦᠯᠵᠦ᠂ ᠠᠷᠠᠳ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠪᠡ᠃ ᠬᠠᠶᠢᠨᠠᠨ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠶ︾ ᠭᠡᠬᠦ ᠴᠠᠭᠳᠠᠭᠠᠨ ᠤ ᠶᠠᠪᠤᠳᠠᠯ ᠤᠨ | ᠣᠶᠢᠯᠠᠭᠠᠭᠳᠠᠬᠤᠨ ᠢ ᠪᠠᠲᠤ ᠪᠤᠶ ᠪᠤᠯᠭᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯ ᠬᠠᠷᠢᠭᠤᠴᠠᠯᠭ᠎ᠠ ᠭᠤᠤᠯᠳᠠᠯᠭ᠎ᠠ ᠠᠵᠢᠯ ᠢ ᠴᠤᠭᠯᠠᠭᠤᠯᠵᠤ᠂ | ᠰᠠᠨᠠᠭᠠᠴᠢᠯᠠᠭ᠎ᠠ ᠲᠠᠢ ᠪᠠᠷ ︽ᠪᠠᠭ᠎ᠠ ᠬᠡᠷᠡᠭ ᠢ ᠢᠯᠡᠷᠡᠭᠦᠯᠬᠦ︾ ᠪᠠᠷ ︽ᠶᠡᠭᠡ ᠡᠶ᠎ᠡ ᠵᠣᠬᠢᠴᠠᠯ︾ ᠢ ᠠᠬᠢᠭᠤᠯᠤᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠬᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠣᠳᠣᠬᠠᠨ ᠤ ᠣᠯᠠᠨᠲᠠ | ᠡᠭᠦᠰᠬᠦ ᠴᠢᠨᠠᠷᠲᠠᠶ ᠡᠳ᠋ ᠬᠦᠷᠦᠩᠭᠡ ᠳᠤ ᠬᠠᠯᠳᠠᠭᠰᠠᠨ ᠬᠡᠷᠡᠭ᠂ ᠢᠯᠠᠩᠭᠤᠶ᠎ᠠ ᠰᠢᠨ᠎ᠡ ᠬᠡᠯᠪᠡᠷᠢ ᠶᠢᠨ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠪᠠ ᠤᠯᠠᠮᠵᠢᠯᠠᠯᠲᠤ | ᠬᠤᠯᠠᠭᠠᠶᠢᠯᠠᠬᠤ ᠲᠦᠷᠦᠯ ᠤᠨ ᠬᠡᠷᠡᠭ ᠲᠤ ᠴᠢᠭᠯᠡᠭᠦᠯᠦᠨ᠂ ᠬᠤᠷᠴᠠ ᠴᠢᠳᠠᠮᠠᠭᠠᠶ ᠬᠦᠴᠦᠨ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠬᠡᠷᠡᠭ ᠭᠠᠷᠤᠭᠰᠠᠨ ᠭᠠᠵᠠᠷ | ᠂ ᠠᠵᠢᠯ ᠲᠦᠷᠦᠯ ᠢ ᠴᠢᠩᠭ᠎ᠠ ᠠᠩᠬᠠᠷᠤᠨ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠰᠦᠪᠡᠭᠴᠢ ᠶᠢ ᠡᠮᠬᠢᠯᠡᠨ ᠪᠠᠶᠢᠴᠠᠭᠠᠵᠤ ᠪᠠᠶᠢᠴᠠᠭᠠᠨ ᠰᠢᠢᠳᠪᠦᠷᠢᠯᠡᠬᠦ ᠶᠢ | ᠴᠢᠩᠭᠠᠳᠬᠠᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠦ ᠪᠠᠨ ᠬᠠᠮᠲᠤᠳᠬᠠᠨ ᠪᠡᠷᠬᠡ | ᠠᠰᠠᠭᠤᠳᠠᠯ ᠢ ᠰᠢᠢᠳᠪᠦᠷᠢᠯᠡᠨ ᠬᠡᠷᠡᠭ ᠢ ᠡᠷᠲᠡ ᠢᠯᠡᠷᠡᠭᠦᠯᠦᠨ ᠬᠤᠷᠳᠤᠨ ᠳᠠᠭᠤᠰᠬᠠᠬᠤ ᠪᠠᠷ ᠴᠢᠷᠮᠠᠶᠢᠵᠤ᠂ | ︽6.28︾ ᠤ ᠪᠠᠲᠤ ᠬᠤᠷᠭᠤ ᠶᠢ ᠡᠪᠳᠡᠵᠦ ᠬᠤᠯᠠᠭᠠᠶᠢᠯᠠᠭᠰᠠᠨ ᠣᠨᠴᠠ ᠶᠡᠭᠡ ᠰᠢᠷᠢᠰ ᠬᠡᠷᠡᠭ᠂ ᠰᠦᠯᠪᠡᠭᠡᠯᠡᠨ ᠨᠡᠶᠢᠯᠡᠭᠦᠯᠦᠭᠰᠡᠨ 6 ᠬᠡᠷᠡᠭ ᠢ ᠢᠯᠡᠷᠡᠭᠦᠯᠪᠡ︔ 2 | ᠬᠤᠯᠠᠭᠠᠶᠢᠴᠢ ᠶᠢᠨ ᠪᠦᠯᠦᠭ ᠢ ᠴᠣᠬᠢᠨ ᠤᠨᠠᠭᠠᠵᠤ᠂ 10 ᠭᠠᠷᠤᠶ ᠤᠳᠠᠭᠠᠨ ᠤ ᠬᠤᠯᠠᠭᠠᠶᠢᠴᠢ ᠶᠢᠨ ᠬᠡᠷᠡᠭ ᠢ ᠢᠯᠡᠷᠡᠭᠦᠯᠵᠡᠶ᠃ | | | | | ᠲᠦᠷᠪᠡ᠂ ᠪᠠᠭ᠎ᠠ ᠤᠴᠢᠷ ᠠᠴᠠ ᠭᠠᠷᠳᠠᠨ᠂ ᠠᠷᠠᠳ ᠤᠨ ᠠᠮᠢᠳᠤᠷᠠᠯ ᠳᠤ ᠠᠰᠢᠭᠳᠠᠢ ᠠᠵᠢᠯᠯᠠᠭ᠎ᠠ ᠶᠢ ᠥᠷᠨᠢᠭᠦᠯᠪᠡ᠃ ᠢᠮᠠᠭᠲᠠ ᠣᠯᠠᠨ ᠲᠦᠮᠡᠨ ᠤ ᠠᠰᠢᠭ | ᠲᠤᠰᠠ ᠶᠢ ᠠᠯᠢᠪᠠ ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ︽ᠬᠠᠮᠤᠭ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠠᠬᠢᠭᠤᠯᠪᠠ᠃ ᠴᠣᠩᠬᠤᠪᠴᠢ ᠦᠢᠯᠡᠴᠢᠯᠡᠭᠡᠨ ᠤ ᠠᠵᠢᠯ ᠢ ᠴᠢᠩᠭ᠎ᠠ ᠠᠩᠬᠠᠷᠴᠤ᠂ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢᠨ ᠥᠢᠯᠡᠰ ᠢ ᠬᠦᠭᠵᠢᠭᠦᠯᠬᠦ︾ ᠣᠶᠢᠯᠠᠭᠠᠭᠳᠠᠬᠤᠨ ᠳᠤ ᠰᠠᠭᠤᠷᠢᠯᠠᠨ᠂ ᠣᠶᠤᠨᠴᠢ ᠪᠠᠷ ᠠᠷᠠᠳ ᠲᠦᠮᠡᠨ ᠳᠤ | ᠦᠢᠯᠡᠴᠢᠯᠡᠬᠦ ᠬᠠᠷᠠᠯᠲᠠ ᠶᠢ ᠪᠣᠳᠣᠯᠬᠢᠯᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠠᠰ ᠳᠡᠪᠰᠢᠭᠦᠯᠦᠨ᠂ ᠮᠡᠳᠡᠭᠡ ᠵᠠᠩᠭᠢᠵᠢᠯᠲᠠ ᠶᠢᠨ ᠥᠪᠡᠰᠦᠪᠡᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠢ ᠭᠦᠢᠴᠡᠳᠬᠡᠬᠦ ᠴᠠᠭ ᠨᠢ ᠣᠷᠳᠣ᠂ ᠣᠯᠠᠨ ᠲᠦᠮᠡᠨ ᠤ ᠠᠰᠠᠭᠤᠨ ᠯᠠᠪᠯᠠᠬᠤ ᠨᠢ | ᠪᠤᠳᠤᠯᠢᠶᠠᠨᠲᠠᠶ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠨᠢ ᠲᠣᠳᠣᠷᠬᠠᠶ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ | ᠠᠵᠢᠯ ᠶᠠᠪᠤᠳᠠᠯ ᠢ ᠭᠦᠢᠴᠡᠳᠬᠡᠬᠦ ᠦᠷ᠎ᠡ ᠪᠦᠲᠦᠮᠵᠢ ᠪᠠ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ᠃ ᠮᠢᠨᠦ | ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ︽ᠵᠢᠷᠭᠤᠭᠠᠨ ᠵᠦᠢᠯ ᠤᠨ ᠠᠮᠠᠯᠠᠯᠲᠠ︾ ᠶᠢ ᠨᠡᠶᠢᠳᠡᠯᠡᠵᠦ᠂ ᠠᠷᠠᠳ ᠲᠤ ᠲᠦᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ 20 ᠵᠦᠢᠯ ᠤᠨ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ 47 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠢ ᠪᠦᠬᠦᠨ ᠢᠶᠠᠷ ᠨᠢ ᠴᠤᠩᠬᠤᠪᠴᠢ ᠦᠢᠯᠡᠴᠢᠯᠡᠭᠡᠨ ᠳᠤ ᠣᠷᠤᠭᠤᠯᠵᠤ᠂ ︽ᠨᠢᠭᠡ ᠯᠡ ᠴᠣᠩᠬᠤ ᠪᠠᠷ ᠭᠦᠢᠴᠡᠳᠬᠡᠬᠦ︾ ᠶᠢ ᠪᠡᠶᠡᠯᠡᠭᠦᠯᠦᠨ᠂ | ︽ᠨᠠᠢᠮᠠᠨ ᠵᠠᠪᠠᠯ ᠭᠦᠢᠴᠡᠳᠬᠡᠬᠦ︾ ᠵᠡᠷᠭᠡ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠵᠠᠭᠪᠤᠷ ᠢ ᠬᠦᠴᠦᠲᠡᠶ ᠠᠬᠢᠭᠤᠯᠵᠤ᠂ ︽ᠴᠠᠭᠳᠠᠭᠠᠨ ᠤ ᠶᠠᠪᠤᠳᠠᠯ ᠤᠨ | ᠠᠵᠢᠯᠯᠠᠭ᠎ᠠ ᠶᠢ ᠨᠡᠩ ᠥᠨᠳᠥᠷ ᠪᠦᠲᠦᠮᠵᠢᠲᠡᠶ᠂ ᠤᠯᠠᠨ ᠲᠦᠮᠡᠨ ᠳᠤ ᠦᠢᠯᠡᠴᠢᠯᠡᠬᠦ ᠶᠢ ᠨᠡᠩ ᠨᠠᠶᠢᠳᠠᠪᠤᠷᠢᠵᠢᠭᠤᠯᠬᠤ︾ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ | ᠬᠠᠷᠠᠯᠲᠠ ᠶᠢ ᠠᠩᠬ᠎ᠠ ᠠᠯᠬᠤᠮ ᠪᠡᠶᠡᠯᠡᠭᠦᠯᠪᠡ᠃ ︵ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠯᠠᠩᠭᠤᠷᠪᠠ ᠮᠡᠳᠡᠭᠡᠯᠡᠪᠡ︶ |