ᠾᠧᠩ ᠰᠢᠶᠤᠤ ᠹᠠᠨ ᠨᠥᠬᠦᠷ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠮᠤᠵᠢ ᠶᠢᠨ ᠱᠠᠲᠤᠨ ᠤ ᠤᠳᠤᠷᠢᠳᠬᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/9
       ᠾᠧᠩ ᠰᠢᠶᠤᠤ ᠹᠠᠨ ᠨᠥᠬᠦᠷ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ        ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠵᠤ ᠱᠠᠯᠠᠪᠳᠠᠭᠤᠯᠤᠨ        ᠵᠢᠯᠣᠭᠤᠳᠬᠤ ᠶᠢᠨ ᠬᠠᠮᠲᠤ ᠮᠤᠵᠢ ᠶᠢᠨ ᠱᠠᠲᠤᠨ ᠤ ᠤᠳᠤᠷᠢᠳᠬᠤ ᠦᠨᠳᠦᠰᠦᠨ ᠱᠠᠲᠤᠨ ᠤ ᠨᠠᠮ ᠤᠨ        ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠪᠠ            9 ᠳ᠋ᠦ᠋ᠭᠡᠷ ᠰᠠᠷ᠎ᠠ ᠶᠢᠨ 21 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠨᠥᠬᠦᠷ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠥᠨᠳᠥᠷ ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠶᠢᠨ ᠨᠢᠭᠡᠳᠦᠭᠡᠷ ᠰᠠᠯᠪᠤᠷᠢ ᠠᠩᠭᠢ ᠶᠢᠨ ᠬᠥᠬᠡᠬᠤᠲᠠ ᠶᠢᠨ ᠶᠡᠭᠡ ᠠᠩᠭᠢ ᠶᠢᠨ ᠨᠢᠭᠡ ᠲᠠᠰᠤᠯᠭ᠎ᠠ ᠬᠡᠷ ᠤᠨ ᠳᠤᠮᠳᠠ ᠠᠩᠭᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠳᠡᠭᠡᠳᠦ ᠬᠤᠷᠳᠤ ᠵᠠᠰᠠᠮᠠᠯ ᠵᠠᠮ ᠤᠨ ᠶᠡᠭᠡ ᠠᠩᠭᠢ ᠶᠢᠨ ᠳᠠᠪᠤᠰᠤᠨ ᠥᠷᠲᠡᠭᠡᠨ ᠤ ᠪᠠᠷᠠᠭᠤᠨ ᠭᠤᠳᠤᠮᠵᠢ ᠶᠢᠨ ᠡᠭᠦᠷᠭᠡ ᠭᠦᠢᠴᠡᠳᠭᠡᠬᠦ ᠴᠡᠭ᠂ ᠰᠠᠶᠢᠬᠠᠨ ᠲᠣᠭᠤᠷᠢᠭ ᠤᠨ ᠶᠡᠭᠡ ᠠᠩᠭᠢ ᠶᠢᠨ ᠭᠤᠷᠪᠠᠳᠤᠭᠠᠷ ᠳᠤᠮᠳᠠ ᠠᠩᠭᠢ ᠶᠢᠨ ᠶᠢᠨ ᠰᠦᠶ ᠬᠠᠷᠠᠭᠤᠯ ᠤᠨ ᠪᠥᠬᠦᠬᠡᠭ ᠲᠤ ᠭᠦᠨᠵᠡᠭᠡᠶᠢᠷᠡᠨ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃ ᠳᠠᠭᠠᠭᠠᠴᠢᠯᠠᠨ ᠬᠠᠷᠢᠯᠴᠠᠬᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠴᠤᠷᠪᠤᠭ᠎ᠠ ᠲᠣᠮᠢᠯᠠᠭᠰᠠᠨ ᠰᠠᠯᠪᠤᠷᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ  ᠂  ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃    
    ᠾᠧᠩ ᠰᠢᠶᠤᠤ ᠹᠠᠨ ᠨᠥᠬᠦᠷ ᠠᠴᠠ᠂ ᠪᠠᠶᠠᠷ ᠳᠤᠷᠠᠰᠬᠠᠯ ᠤᠨ ᠡᠳᠦᠷ ᠠᠷᠠᠳ ᠤᠨ ᠴᠠᠭᠳᠠᠭ᠎ᠠ ᠡᠭᠦᠷᠭᠡ ᠭᠦᠢᠴᠡᠳᠭᠡᠬᠦ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠷᠳᠣ ᠬᠤᠭᠤᠴᠠᠭᠠᠨ ᠤ ᠲᠤᠷᠰᠢᠬᠢ ᠰᠢᠯᠢᠳᠡᠭ ᠤᠯᠠᠮᠵᠢᠯᠠᠯ ᠪᠠ ᠬᠦᠨᠳᠦ ᠴᠢᠬᠤᠯᠠ ᠲᠤᠰᠢᠶᠠᠯ ᠬᠠᠷᠢᠭᠤᠴᠠᠯᠭ᠎ᠠ ᠮᠥᠨ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ᠂ ᠡᠮᠦᠨ᠎ᠡ ᠹᠷᠣᠨᠲ ᠤᠨ ᠵᠢᠵᠢᠭᠦᠷᠯᠡᠵᠦ ᠪᠠᠶᠢᠭ᠎ᠠ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠳᠦᠭᠡᠷ ᠹᠷᠣᠨᠲ ᠢ ᠪᠠᠲᠤ ᠰᠠᠬᠢᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠣᠪᠠᠭᠤᠷᠢ ᠵᠦᠳᠡᠭᠦᠷᠢ ᠠᠴᠠ ᠠᠶᠤᠬᠤ ᠥᠬᠡᠶ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠠᠵᠢᠯ ᠦᠢᠯᠡᠰ ᠢᠶᠠᠨ ᠳᠡᠭᠡᠳᠦᠯᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠰᠠᠭᠠᠳ ᠥᠬᠡᠶ ᠨᠡᠪᠲᠡᠷᠡᠬᠦ ᠪᠠ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠣᠯᠠᠨ ᠤ ᠪᠠᠶᠠᠷ ᠤᠨ ᠡᠳᠦᠷ ᠥᠩᠭᠡᠷᠡᠭᠦᠯᠬᠦ ᠶᠢ ᠬᠠᠮᠳᠤ ᠪᠠᠷ ᠰᠠᠬᠢᠨ ᠬᠠᠮᠠᠭᠠᠯᠠᠪᠠ᠃ ᠥᠷᠭᠡᠨ ᠤᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠢᠯᠢᠳᠡᠭ ᠤᠯᠠᠮᠵᠢᠯᠠᠯ ᠪᠠ ᠯᠠᠪᠳᠠᠭᠤᠨ ᠪᠠᠲᠤᠲᠠᠢ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠠᠮ ᠬᠦᠴᠦᠯᠡᠨ ᠴᠢᠷᠮᠠᠶᠢᠵᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠳᠦᠭᠡᠢ ᠭᠡᠪᠡ᠃     ᠾᠧᠩ ᠰᠢᠶᠤᠤ ᠹᠠᠨ ᠨᠥᠬᠦᠷ ᠠᠴᠠ᠂ ᠴᠢᠨᠠᠷ ᠰᠠᠶᠢᠲᠠᠶ ᠵᠠᠮ ᠬᠠᠷᠢᠯᠴᠠᠭᠠᠨ ᠤ ᠬᠦᠴᠦᠷᠬᠡᠭ ᠣᠷᠣᠨ ᠢ ᠪᠠᠶᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠲᠥᠪ ᠬᠥᠬᠡᠬᠤᠲᠠ ᠪᠠᠷ ᠭᠤᠤᠯᠳᠠᠯᠭ᠎ᠠ ᠪᠣᠯᠭᠠᠵᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠳᠡᠭᠡᠳᠦ ᠬᠤᠷᠳᠤ ᠵᠠᠰᠠᠮᠠᠯ ᠵᠠᠮ ᠪᠣᠯᠤᠨ ᠬᠤᠲᠠ ᠶᠢᠨ ᠵᠠᠮ ᠤᠨ ᠬᠠᠮᠢᠶᠠᠷᠤᠯᠲᠠ ᠶᠢᠨ ᠠᠷᠭ᠎ᠠ ᠪᠠᠷᠢᠯ ᠢ ᠨᠠᠷᠢᠯᠢᠭᠵᠢᠭᠤᠯᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠭᠡ ᠶᠢ ᠴᠢᠩᠭᠠᠳᠬᠠᠵᠤ᠂ ᠤᠶᠤᠨᠲᠤ ᠵᠠᠮ ᠬᠠᠷᠢᠯᠴᠠᠭᠠᠨ ᠤ ᠪᠠᠶᠢᠭᠤᠯᠤᠯᠲᠠ ᠬᠠᠮᠢᠶᠠᠷᠤᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    
     ᠾᠧᠩ ᠰᠢᠶᠤᠤ ᠹᠠᠨ ᠨᠥᠬᠦᠷ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠢᠰᠲ᠋ᠧᠮ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠣᠷᠣᠨ ᠳᠤ ᠨᠢᠭᠤᠴᠠ ᠪᠠᠷ ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠶᠡᠭᠡ ᠵᠣᠷᠢᠭ ᠰᠢᠭᠤᠳᠴᠤ᠂ ᠶᠡᠭᠡ ᠬᠦᠴᠦ ᠣᠷᠣᠭᠤᠯᠵᠤ ᠪᠠᠶᠢᠭᠠᠳ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠤᠳᠤᠷᠢᠳᠤᠯᠭ᠎ᠠ ᠳᠣᠣᠷ᠎ᠠ᠂ ᠨᠢᠭᠡᠳᠦᠭᠡᠷ ᠡᠭᠡᠯᠵᠢ ᠶᠢᠨ ᠬᠥᠮᠦᠵᠢᠯ ᠴᠡᠭᠴᠡᠯᠡᠯᠲᠡ ᠶᠢᠨ ︽ᠬᠢᠴᠢᠶᠡᠯ ᠨᠥᠬᠦᠪᠥᠷᠢᠯᠡᠬᠦ︾ ᠠᠵᠢᠯ ᠢ ᠭᠦᠨᠵᠡᠭᠡᠢ ᠥᠷᠨᠢᠭᠦᠯᠵᠦ᠂ ᠪᠦᠭᠦᠳᠡ ᠶᠢ ᠲᠦᠢᠳᠦᠭᠴᠢ ᠪᠦᠳᠦᠯ ᠦᠭᠡᠢ ᠠᠮᠢᠳᠠᠨ ᠢ ᠡᠷᠡᠰ ᠠᠷᠢᠯᠭᠠᠵᠤ᠂ ᠠᠷᠬᠠᠭ ᠭᠡᠮ ᠢ ᠲᠦᠢᠯᠪᠤᠷᠢᠲᠠᠢ ᠴᠡᠭᠴᠡᠯᠡᠨ ᠵᠠᠰᠠᠵᠤ᠂ ᠥᠪᠡᠷᠮᠢᠴᠡ ᠠᠰᠠᠭᠤᠳᠠᠯ ᠪᠣᠯᠤᠨ ᠨᠡᠶᠢᠲᠡᠴᠢ ᠠᠰᠠᠭᠤᠳᠠᠯ᠂ ᠢᠯᠠ ᠠᠰᠠᠭᠤᠳᠠᠯ ᠪᠣᠯᠤᠨ ᠨᠢᠭᠤᠭᠳᠠᠮᠠᠯ ᠠᠰᠠᠭᠤᠳᠠᠯ ᠢ ᠬᠠᠮᠲᠤ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︔ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠰᠢᠨ᠎ᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 28 ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠬᠠᠭ ᠬᠡᠮ ᠢ ᠬᠦᠴᠦᠯᠡᠨ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠢᠲᠡᠭᠡᠯ ᠢ ᠬᠥᠰᠡᠷᠳᠡᠭᠦᠯᠬᠦ ᠥᠬᠡᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃    
     ᠴᠤᠷᠪᠤᠭ᠎ᠠ ᠲᠣᠮᠢᠯᠠᠭᠰᠠᠨ ᠰᠠᠯᠪᠤᠷᠢ ᠳᠤ᠂ ᠾᠧᠩ ᠰᠢᠶᠤᠤ ᠹᠠᠨ ᠨᠥᠬᠦᠷ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠣᠭᠤᠷᠢᠨ ᠳᠤ ᠴᠢᠨᠠᠷ ᠰᠠᠶᠢᠲᠠᠢ ᠥᠷᠨᠢᠭᠦᠯᠵᠦ᠂ ᠠᠷᠠᠳ ᠤᠨ ᠴᠠᠭᠳᠠᠭ᠎ᠠ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠨᠠᠮ ᠤᠨ ᠳᠣᠲᠣᠭᠠᠳᠤ ᠶᠢᠨ ᠲᠦᠷᠢᠮ ᠬᠠᠤᠯᠢ ᠲᠣᠭᠲᠠᠭᠠᠯ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠬᠦ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯ ᠤᠯᠤᠰ ᠲᠦᠷᠦ ᠶᠢᠨ ᠪᠠᠶᠢᠭᠤᠯᠭ᠎ᠠ ᠮᠥᠨ᠂ ᠤᠯᠤᠰ ᠲᠦᠷᠦ ᠶᠢᠨ ᠴᠢᠨᠠᠷ ᠪᠣᠯ ᠨᠢᠭᠡᠳᠦᠭᠡᠷ ᠰᠢᠨᠵᠢ ᠴᠢᠨᠠᠷ ᠮᠥᠨ᠂ ᠤᠯᠤᠰ ᠲᠦᠷᠦ ᠶᠢ ᠡᠷᠬᠢᠮᠯᠡᠬᠦ ᠪᠣᠯ ᠨᠢᠭᠡᠳᠦᠭᠡᠷ ᠱᠠᠭᠠᠷᠳᠠᠯᠭ᠎ᠠ ᠮᠥᠨ᠂ ᠦᠨᠡᠨᠴᠢ ᠰᠢᠳᠤᠷᠭᠤ ᠶᠢ ᠡᠷᠬᠢᠮᠯᠡᠬᠦ ᠪᠣᠯ ᠨᠢᠭᠡᠳᠦᠭᠡᠷ ᠪᠠᠷᠢᠮᠵᠢᠶ᠎ᠠ ᠮᠥᠨ᠂ ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠴᠢᠩᠭᠠᠳᠬᠠᠨ ᠰᠠᠶᠢᠵᠢᠷᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠠᠮᠵᠢᠯᠲᠠ ᠪᠣᠯᠭᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭ᠎ᠠ᠂ ᠤᠯᠤᠰ ᠲᠦᠷᠦ ᠶᠢᠨ ᠠᠵᠢᠯ ᠤᠨ ᠤᠳᠤᠷᠢᠳᠤᠯᠭ᠎ᠠ ᠶᠢᠨ ᠰᠢᠭᠤᠳ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠦᠵᠡᠯ ᠰᠠᠨᠠᠭ᠎ᠠ ᠶᠢ ᠬᠠᠮᠢᠶᠠᠷᠬᠤ ᠰᠠᠬᠢᠯᠭ᠎ᠠ ᠪᠠᠲᠤ ᠶᠢ ᠬᠠᠮᠢᠶᠠᠷᠬᠤ ᠰᠤᠷᠲᠠᠯ ᠢ ᠦᠨᠡᠨ ᠬᠦ ᠨᠢᠭᠡᠳᠬᠡᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ︽ᠲᠦᠷᠪᠡᠨ ᠲᠡᠮᠦᠷ ᠮᠡᠲᠦ︾ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠤᠨ ᠡᠭᠦᠷ ᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠨᠠᠮ ᠤᠨ ᠭᠡᠰᠢᠭᠦᠨ ᠨᠢᠭᠡᠪᠦᠷᠢ ᠶᠢ ᠴᠥᠮ ᠵᠢᠩᠬᠢᠨᠢ ᠪᠠᠶᠢᠯᠳᠤᠭᠴᠢ ᠪᠣᠯᠭᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠨᠠᠮ ᠤᠨ ᠳᠤᠭᠤᠶᠢᠯᠠᠩ ᠢ ᠪᠠᠶᠢᠭᠤᠯᠬᠤ᠂ ᠨᠠᠮ ᠤᠨ ᠭᠡᠰᠢᠭᠦᠨ ᠢ ᠲᠤᠬᠢᠷᠠᠭᠤᠯᠬᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠬᠠᠮᠢᠶᠠᠷᠤᠯᠲᠠ ᠶᠢᠨ ᠰᠢᠰᠲ᠋ᠧᠮ ᠢ ᠴᠢᠩᠳᠠᠯᠠᠬᠤ᠂ ︽ᠭᠤᠷᠪᠠᠨ ᠬᠤᠷᠠᠯ ᠨᠢᠭᠡ ᠬᠢᠴᠢᠶᠡᠯ︾᠂ ︽ᠨᠢᠭᠡᠳᠦᠭᠡᠷ ᠵᠥᠪᠯᠡᠬᠦ ᠰᠡᠳᠦᠪ︾ ᠵᠡᠷᠭᠡ ᠶᠢ ᠥᠴᠦᠬᠡᠨ ᠴᠦ ᠣᠰᠣᠯᠳᠠᠬᠤ ᠦᠭᠡᠢ ᠪᠠᠷ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ︔ ᠨᠠᠮ ᠤᠨ ᠡᠯ᠎ᠡ ᠵᠦᠢᠯ ᠤᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢ ᠬᠠᠮᠤᠷᠤᠭᠰᠠᠨ᠂ ᠪᠦᠬᠦ ᠶᠠᠪᠤᠴᠠ ᠶᠢ ᠬᠠᠮᠤᠷᠤᠭᠰᠠᠨ ᠢᠵᠢ ᠪᠦᠷᠢᠳᠦᠭᠰᠡᠨ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠤᠨ᠎ᠠ︔ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ᠂ ᠤᠳᠤᠷᠢᠳᠬᠤ ᠺᠠᠳ᠋ᠷᠴᠤᠳ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠷᠠᠳ ᠤᠨ ᠰᠡᠳᠬᠢᠯ ᠳᠤ ᠨᠡᠶᠢᠴᠡᠭᠦᠯᠬᠦ᠂ ᠴᠠᠭᠳᠠᠭᠠᠨ ᠤ ᠰᠠᠨᠠᠭᠠᠨ ᠳᠤ ᠨᠡᠶᠢᠴᠡᠭᠦᠯᠬᠦ᠂ ᠥᠪᠡᠷ ᠤᠨ ᠬᠢ ᠪᠠᠷ ᠢᠶᠠᠨ ᠢᠷᠠᠭᠤ ᠠᠯᠳᠠᠷ ᠪᠣᠯᠭᠠᠬᠤ᠂ ᠥᠪᠡᠷ ᠤᠨ ᠬᠢ ᠪᠠᠷ ᠢᠶᠠᠨ ᠠᠵᠤ ᠲᠦᠷᠦᠭᠦ᠂ ᠲᠥᠪ ᠰᠤᠷᠲᠠᠯ ᠲᠥᠪ ᠴᠢᠬᠡᠴᠢ ᠠᠭᠤᠷ ᠠᠮᠢᠰᠬᠤᠯ ᠤᠨ ᠪᠦᠷᠢᠯᠳᠦᠬᠦ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ︔ ᠲᠡᠷᠢᠭᠦᠨ ᠤ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠱᠠᠳᠤ ᠱᠠᠳᠤ ᠪᠠᠷ ᠰᠣᠩᠭᠤᠨ ᠪᠤᠢ ᠪᠣᠯᠭᠠᠵᠤ᠂ ᠢᠯᠠᠩᠭᠤᠶ᠎ᠠ ᠳᠡᠷᠭᠡᠳᠡᠬᠢ ᠨᠡᠶᠢᠲᠡᠯᠢᠭ ᠵᠢᠱᠢᠶ᠎ᠡ ᠪᠠᠨ ᠳᠡᠯᠭᠡᠵᠦ᠂ ᠥᠪᠡᠷ ᠤᠨ ᠢᠶᠠᠨ ᠲᠡᠷᠢᠭᠦᠨ ᠤ ᠬᠢ ᠪᠠᠶᠢᠬᠤ᠂ ᠳᠤᠭᠤᠶᠢᠯᠠᠩ ᠳᠤ ᠪᠠᠨ ᠥᠪᠡᠷ ᠤᠨ ᠭᠤᠣᠯᠯᠠᠭᠴᠢ ᠬᠦᠴᠦᠨ ᠲᠠᠢ ᠪᠠᠶᠢᠬᠤ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠨᠢᠭᠡᠳᠦᠭᠡᠷ︾ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠲᠣᠭᠲᠠᠴᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ ᠳᠠᠮᠵᠢᠭᠤᠯᠤᠨ᠂ ︽ᠨᠢᠭᠡ ᠲᠠᠰᠤᠭ ᠬᠤᠶᠠᠷ ᠠᠩᠭᠢ︾ ᠶᠢ ᠭᠦᠨᠵᠡᠭᠡᠶ ᠳᠠᠪᠲᠠᠨ ᠪᠣᠯᠪᠠᠰᠤᠷᠠᠭᠤᠯᠵᠤ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠵᠤ᠂ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠠᠷᠠᠳ ᠣᠯᠠᠨ ᠤ ︽ᠪᠠᠴᠢᠮ᠂ ᠬᠦᠴᠢᠷ᠂ ᠵᠣᠪᠠᠨᠢᠯ᠂ ᠡᠷᠡᠮᠡᠯᠵᠡᠯ︾ ᠪᠠ ︽ᠬᠠᠮᠤᠭ ᠠᠴᠠ ᠬᠤᠷᠣᠰᠬᠤ᠂ ᠬᠠᠮᠤᠭ ᠠᠴᠠ ᠭᠤᠮᠤᠳᠠᠬᠤ᠂ ᠬᠠᠮᠤᠭ ᠠᠴᠠ ᠪᠤᠬᠢᠨᠢᠳᠤᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ ᠵᠢᠭᠠᠪᠤᠷᠢᠯᠠᠪᠠ᠃ ︵ᠥᠪᠡᠷᠳᠡᠭᠡᠨ ᠵᠠᠰᠠᠬᠤ ᠤᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ ᠤᠨ ᠤᠬᠠᠭᠤᠯᠬᠤ ᠭᠠᠵᠠᠷ ᠤᠨ  ᠬᠠᠨ ᠪᠢᠨ ᠮᠡᠳᠡᠭᠡᠯᠡᠪᠡ︶
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ