︽ᠯᠢᠦᠶ ᠤᠯᠤᠰ ᠲᠥᠷᠥ ᠶᠢᠨ ᠭᠡᠰᠢᠭᠦᠨ︾᠄ ᠬᠥᠭᠰᠢᠨ ᠲᠠᠢ ᠪᠠᠨ ᠬᠠᠮᠳᠤ ︽ᠬᠢᠵᠢᠭ︾ ᠲᠠᠢ ᠪᠠᠶᠢᠯᠳᠤᠮᠤᠢ
ᠨᠡᠶᠢᠲᠡᠯᠡᠭᠰᠡᠨ ᠴᠠᠭ᠄
2021/11/10
     ︽ᠯᠢᠦᠶ ᠤᠯᠤᠰ ᠲᠥᠷᠥ ᠶᠢᠨ ᠭᠡᠰᠢᠭᠦᠨ︾᠄ ᠬᠥᠭᠰᠢᠨ ᠲᠠᠢ ᠪᠠᠨ ᠬᠠᠮᠳᠤ ︽ᠬᠢᠵᠢᠭ︾ ᠲᠠᠢ ᠪᠠᠶᠢᠯᠳᠤᠮᠤᠢ      10 ᠳ᠋ᠤᠭᠠᠷ ᠰᠠᠷ᠎ᠠ ᠶᠢᠨ 26 ᠤ ᠥᠷᠯᠥᠭᠡ ᠶᠢᠨ 6 ᠴᠠᠭ ᠤᠨ ᠦᠶ᠎ᠡ ᠪᠠᠷ᠂ ᠨᠠᠮᠤᠷ ᠤᠨ ᠰᠡᠭᠦᠯᠴᠢ ᠶᠢᠨ ᠡᠵᠡᠨ᠎ᠡ ᠡᠯᠡᠢ ᠬᠤᠯᠡᠢ᠂ ᠭᠠᠷ ᠤᠲᠠᠰᠤᠨ ᠤ ᠰᠡᠷᠢᠭᠦᠯᠭᠡᠲᠦ ᠴᠠᠭ ᠳᠤᠤᠭᠠᠷᠤᠭᠰᠠᠨ ᠳᠤ᠂ ᠯᠢᠦᠢ ᠶᠢᠨ ᠬᠤ᠋ ᠨᠥᠬᠦᠷ ᠨᠢᠳᠦ ᠪᠠᠨ ᠨᠤᠬᠤᠯᠠᠬᠤ ᠶᠢᠨ ᠬᠠᠮᠲᠤ ᠬᠥᠭᠰᠢᠨ ᠳᠤ ᠪᠠᠨ ᠤᠲᠠᠰᠤ ᠠᠪᠤᠪᠠ᠄ ᠣᠷᠣᠶ ᠬᠥᠯ ᠤᠨ ᠰᠢᠷᠪᠥᠰᠥ ᠴᠢᠨᠢ ᠲᠠᠲᠠᠭᠳᠠᠭᠰᠠᠨ ᠦᠦ᠂ ᠡᠮ ᠢᠶᠠᠨ ᠤᠤᠭᠤᠭᠰᠠᠨ ᠦᠦ ᠁ ᠁ ᠬᠥᠭᠰᠢᠨ ᠤ ᠪᠠᠨ ᠰᠥᠨᠢ ᠶᠢᠨ ᠮᠡᠨᠳᠦ ᠪᠠᠶᠢᠬᠤ ᠶᠢ ᠣᠶᠢᠯᠠᠭᠠᠭᠰᠠᠨ ᠤ ᠳᠠᠷᠠᠭ᠎ᠠ ᠂ ᠶᠠᠭᠠᠷᠠᠤ ᠰᠠᠨᠳᠤᠷᠤᠤ ᠡᠯ᠎ᠡ ᠦᠢᠯᠡᠴᠢᠯᠡᠭᠡᠨ ᠤ ᠴᠡᠭ ᠲᠤ ᠬᠥᠷᠪᠡ ᠁ ᠁
     ᠡᠨᠡ ᠡᠳᠦᠷ ᠪᠣᠯ ᠨᠠᠰᠤᠨ ᠤ ᠨᠠᠮᠤᠷ ᠢ ᠲᠥᠬᠦᠵᠦ ᠶᠠᠪᠤᠭ᠎ᠠ ᠯᠢᠦᠢ ᠶᠢᠨ ᠬᠤ᠋ ᠨᠥᠬᠦᠷ ᠨᠤᠲᠤᠭ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠲᠠᠯᠠᠶᠢᠬᠦᠪ ᠪᠠᠯᠭᠠᠰᠤ ᠳᠤ ᠪᠠᠨ ᠪᠤᠴᠠᠵᠤ ︽ᠬᠢᠵᠢᠭ︾ ᠲᠠᠢ ᠲᠡᠮᠡᠴᠡᠬᠦ ᠳᠠᠶᠢᠯᠠᠯᠳᠤᠭᠠᠨ ᠳᠤ ᠣᠷᠣᠯᠴᠠᠭᠰᠠᠨ ᠶᠢᠰᠦᠳᠦᠭᠡᠷ ᠡᠳᠦᠷ ᠪᠣᠯᠤᠨ᠎ᠠ᠂ ᠲᠡᠷᠡ ᠠᠵᠢᠯ ᠦᠢᠯᠡᠰ ᠢᠶᠠᠨ ᠳᠡᠭᠡᠳᠦᠯᠡᠨ ᠡᠳᠦᠷ ᠪᠦᠷᠢ ᠲᠠᠶᠢᠴᠢᠨ ᠨᠥᠬᠦᠳ ᠲᠠᠢ ᠪᠠᠨ ︽ᠬᠢᠵᠢᠭ︾ ᠤᠨ ᠹᠷᠤᠨᠲ ᠲᠤ ᠡᠷᠡᠯᠬᠡᠭᠯᠡᠨ ᠳᠡᠮᠡᠴᠡᠵᠦ᠂ ᠴᠢᠯᠦᠭᠡ ᠵᠠᠪ ᠢᠶᠠᠷ ᠢᠶᠠᠨ ᠬᠦᠭᠰᠢᠨ ᠢᠶᠠᠨ ᠬᠠᠷᠠᠭᠠᠯᠵᠠᠨ᠎ᠠ᠃ ᠭᠡᠷ ᠠᠴᠠ ᠪᠠᠨ ᠵᠢᠷᠭᠤᠭᠠᠨ ᠵᠠᠭᠤ ᠭᠠᠷᠤᠢ ᠺᠢᠯᠣᠮᠧᠲᠷ ᠵᠠᠶᠢᠲᠠᠢ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠪᠠᠷ ᠢᠷᠡᠭᠰᠡᠨ ᠲᠠᠶᠢᠴᠢᠨ ᠨᠥᠬᠦᠳ ᠲᠠᠢ ᠬᠠᠷᠢᠴᠠᠭᠤᠯᠪᠠᠯ᠂ ᠪᠢ ᠨᠢᠭᠡᠨᠲᠡ ᠮᠠᠰᠢ ᠵᠣᠯ ᠵᠢᠷᠭᠠᠯ ᠲᠠᠢ ᠭᠡᠵᠦ ᠲᠡᠷᠡ ᠶᠠᠷᠢᠨ᠎ᠠ᠃
     ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠳᠤ ᠯᠢᠦᠢ ᠶᠢᠨ ᠬᠤ᠋ ᠨᠥᠬᠦᠷ ᠢ ᠲᠠᠨᠢᠬᠤ ᠦᠭᠡᠢ ᠬᠥᠮᠦᠨ ᠪᠠᠷᠤᠭ ᠲᠤᠩ ᠴᠥᠭᠡᠨ᠂ ᠲᠡᠷᠡ ᠡᠵᠡᠨ᠎ᠡ ᠨᠤᠲᠤᠭ ᠲᠠᠢ ᠬᠥᠮᠦᠨ᠂ ᠳᠠᠯᠠᠶᠢᠬᠦ᠋ᠪ ᠪᠠᠯᠭᠠᠰᠤᠨ ᠳᠤ 50 ᠭᠠᠷᠤᠢ ᠵᠢᠯ ᠠᠮᠢᠳᠤᠷᠠᠵᠤ᠂ ᠠᠵᠢᠯᠯᠠᠭᠠᠳ 34 ᠵᠢᠯ ᠪᠣᠯᠵᠤ᠂ ᠡᠭᠦᠨ ᠳᠤ 27 ᠵᠢᠯ ᠨᠢ ᠴᠠᠭᠳᠠᠭᠠᠨ ᠤ ᠠᠯᠪᠠ ᠬᠠᠭᠠᠵᠤ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠤᠯ ᠤᠨ ᠤᠯᠤᠰ ᠲᠦᠷᠦ ᠶᠢᠨ ᠭᠡᠰᠢᠭᠦᠨ ᠪᠠᠶᠢᠪᠠ᠃ ᠳᠠᠯᠠᠶᠢᠬᠦ᠋ᠪ ᠪᠠᠯᠭᠠᠰᠤᠨ ᠤ ᠠᠷᠠᠳ ᠤᠳ ᠪᠠ ᠳᠠᠶᠢᠴᠢᠨ ᠨᠥᠬᠦᠳ ᠨᠢ ᠠᠮᠠ ᠨᠡᠬᠡᠭᠡᠮᠡᠭᠴᠡ ᠲᠡᠭᠦᠨ ᠢ ᠯᠢᠦᠶ ᠤᠯᠤᠰ ᠲᠦᠷᠦ ᠶᠢᠨ ᠭᠡᠰᠢᠭᠦᠨ ᠭᠡᠵᠦ ᠳᠣᠲᠣᠨᠣᠰᠤᠭ ᠢᠶᠠᠷ ᠳᠠᠭᠤᠳᠠᠳᠠᠭ᠃ 2019 ᠣᠨ ᠳᠤ᠂ ᠠᠵᠢᠯ ᠤᠨ ᠬᠡᠷᠡᠭᠴᠡᠭᠡ ᠠᠴᠠ ᠪᠣᠯᠵᠣ᠂ ᠯᠢᠦᠶ ᠶᠢᠨ ᠬᠤ᠋ ᠨᠥᠬᠦᠷ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠠᠵᠢᠯ ᠰᠢᠯᠵᠢᠵᠦ᠂ ᠣᠲᠣ ᠭᠤᠷᠪᠠᠳᠤᠭᠠᠷ ᠳᠡᠰ ᠤᠨ ᠳᠡᠭᠡᠳᠦ ᠲᠠᠰ ᠤᠨ ᠴᠠᠭᠳᠠᠭᠠᠨ ᠳᠠᠷᠤᠭ᠎ᠠ ᠪᠠᠷ ᠠᠵᠢᠯᠯᠠᠵᠤ ᠪᠠᠶᠢᠨ᠎ᠠ᠃
     ᠡᠨᠡ ᠤᠳᠠᠭ᠎ᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠭᠡᠨᠡᠳᠲᠡ ᠬᠢᠵᠢᠭ ᠳᠡᠯᠭᠡᠷᠡᠵᠦ᠂ ᠲᠡᠷᠡ ᠮᠥᠷᠲᠡᠭᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠤᠯᠵᠤ᠂ ᠨᠤᠲᠤᠭ ᠤᠨ ᠠᠬ᠎ᠠ ᠳᠡᠭᠦᠦ ᠨᠡᠷ ᠨᠢ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠬᠤ ᠶᠢ ᠣᠯᠵᠤ ᠬᠠᠷᠠᠭᠠᠳ᠂ ᠠᠯᠠᠱᠠ ᠵᠡᠭᠦᠨ ᠬᠤᠰᠢᠭᠤᠨ ᠳᠤ ᠪᠠᠶᠢᠭᠰᠠᠨ ᠯᠢᠦᠢ ᠶᠢᠨ ᠬᠤ᠋ ᠨᠥᠬᠦᠷ ᠰᠠᠨᠠᠭ᠎ᠠ ᠠᠮᠤᠷ ᠰᠠᠭᠤᠵᠤ ᠳᠡᠶᠢᠯᠬᠦ ᠦᠭᠡᠢ ᠪᠣᠯᠪᠠ᠃ 10 ᠳ᠋ᠤᠭᠠᠷ ᠰᠠᠷ᠎ᠠ ᠶᠢᠨ 18 ᠤ ᠦᠳᠡ ᠶᠢᠨ ᠡᠮᠦᠨ᠎ᠡ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠨᠢᠭᠡ ᠪᠦᠯᠦᠭ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠢ ᠪᠠᠴᠢᠮ  ᠴᠤᠭᠯᠠᠭᠤᠯᠤᠨ᠂ ᠡᠵᠡᠨ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠪᠰᠤᠷᠤᠨ ᠲᠤᠰᠠᠯᠠᠬᠤ ᠪᠠᠷ ᠪᠠᠶᠢᠬᠤ ᠶᠢ ᠣᠯᠵᠤ ᠮᠡᠳᠡᠭᠡᠳ᠂ ᠯᠢᠦᠢ ᠶᠢᠨ ᠬᠤ᠋ ᠨᠥᠬᠦᠷ ᠰᠠᠨᠠᠭᠠᠴᠢᠯᠠᠭ᠎ᠠ ᠠᠴᠠ ᠪᠠᠨ ᠪᠠᠶᠢᠯᠳᠤᠭᠠᠨ ᠳᠤ ᠣᠷᠣᠯᠴᠠᠬᠤ ᠪᠠᠷ ᠭᠤᠶᠤᠴᠢᠯᠠᠭᠰᠠᠨ ᠳᠤ ᠬᠠᠷᠢᠨ ︽ᠲᠡᠪᠴᠢᠭᠳᠡᠵᠡᠢ︾᠃
     ᠦᠨᠡᠨ ᠳᠤ ᠪᠠᠨ᠂ ᠡᠵᠡᠨ᠎ᠡ ᠬᠤᠰᠢᠭᠤᠨ ᠳᠤ ᠣᠴᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠢ ᠲᠣᠮᠢᠯᠠᠬᠤ ᠳᠤ᠂ ᠡᠵᠡᠨ᠎ᠡ ᠬᠤᠰᠢᠭᠤᠨ ᠤ ᠪᠣᠳᠠᠲᠤ ᠪᠠᠶᠢᠳᠠᠯ ᠢ ᠰᠠᠶᠢᠨ ᠮᠡᠳᠡᠳᠡᠭ ᠪᠥᠭᠡᠳ ᠴᠠᠭᠳᠠᠭᠠᠨ ᠤ ᠶᠠᠪᠤᠳᠠᠯ ᠤᠨ ᠠᠵᠢᠯ ᠤᠨ ᠤᠯᠠᠨ ᠵᠢᠯ ᠤᠨ ᠲᠤᠷᠰᠢᠯᠭ᠎ᠠ ᠲᠠᠢ ᠯᠢᠦᠢ ᠶᠢᠨ ᠬᠤ᠋ ᠨᠥᠬᠦᠷ ᠮᠡᠲᠦ ᠶᠢᠨ ᠬᠥᠮᠦᠰ ᠢᠶᠠᠷ ᠳᠠᠭᠠᠭᠤᠯᠬᠤ ᠶᠢ ᠣᠨᠴᠠᠭᠠᠶᠢᠯᠠᠨ ᠱᠠᠭᠠᠷᠳᠠᠨ᠎ᠠ᠃ ᠭᠡᠪᠡᠴᠦ ᠡᠨᠡ ᠤᠳᠠᠭᠠᠨ ᠤ ︽ᠬᠢᠵᠢᠭ︾ ᠢ ᠡᠰᠡᠷᠭᠦᠴᠡᠬᠦ ᠪᠠᠶᠢᠯᠳᠤᠭᠠᠨ ᠤ ᠬᠦᠨᠳᠦ ᠬᠡᠴᠡᠭᠦᠦ ᠪᠠᠶᠢᠳᠠᠯ ᠢ ᠪᠣᠳᠣᠯᠬᠢᠯᠠᠨ᠂ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠯᠢᠦᠢ ᠶᠢᠨ ᠬᠤ᠋ ᠨᠥᠬᠦᠷ ᠤᠨ ᠪᠡᠶ᠎ᠡ ᠨᠢ ᠳᠠᠭᠠᠭᠠᠵᠤ ᠳᠡᠶᠢᠯᠬᠦ ᠦᠭᠡᠢ ᠪᠣᠯᠤᠭᠰᠠᠨ ᠪᠥᠭᠡᠳ ᠬᠥᠭᠰᠢᠨ ᠨᠢ ᠴᠦ ᠲᠡᠭᠦᠨ ᠤ ᠬᠠᠷᠠᠭᠠᠯᠵᠠᠯ ᠠᠴᠠ ᠰᠠᠯᠵᠤ ᠴᠢᠳᠠᠬᠤ ᠦᠭᠡᠢ ᠪᠣᠯᠬᠤ ᠠᠴᠠ ᠪᠣᠯᠭᠤᠮᠵᠢᠯᠠᠵᠤ ᠂ ᠲᠠᠬᠢᠨ ᠳᠠᠪᠲᠠᠨ ᠪᠣᠳᠣᠯᠬᠢᠯᠠᠵᠤ ᠪᠠᠶᠢᠭᠠᠳ ᠲᠡᠭᠦᠨ ᠤ ᠭᠤᠶᠤᠴᠢᠯᠠᠯ ᠢ ᠡᠪᠲᠡᠶᠢᠬᠡᠨ ᠲᠡᠪᠴᠢᠪᠡ᠃      ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠷᠠᠭᠠᠯᠵᠠᠯ ᠤᠨ ᠡᠮᠦᠨ᠎ᠡ᠂ ᠯᠢᠦᠢ ᠶᠢᠨ ᠬᠤ᠋ ᠨᠥᠬᠦᠷ ᠲᠦᠢᠯ ᠢᠶᠠᠷ ᠲᠠᠯᠠᠷᠬᠠᠵᠤ᠄ ᠭᠡᠷ ᠤᠨ ᠬᠦᠴᠢᠷᠳᠡᠯ ᠢ ᠪᠢ ᠠᠷᠭ᠎ᠠ ᠪᠤᠳᠤᠵᠤ ᠪᠠᠶᠢᠭᠠᠳ ᠠᠷᠭᠠᠴᠠᠨ᠎ᠠ᠂ ᠡᠵᠡᠨ᠎ᠡ ᠪᠣᠯ ᠨᠠᠮᠠᠶᠢ ᠲᠦᠷᠦᠵᠤ ᠲᠡᠵᠢᠭᠡᠭᠰᠡᠨ ᠨᠤᠲᠤᠭ ᠮᠥᠨ᠂ ᠪᠢ ᠲᠡᠷᠡ ᠬᠡᠰᠡᠭ ᠭᠠᠵᠠᠷ ᠨᠤᠲᠤᠭ ᠪᠠ ᠲᠡᠨᠳᠡ ᠠᠮᠢᠳᠤᠷᠠᠵᠤ ᠪᠠᠶᠢᠭ᠎ᠠ ᠬᠥᠮᠦᠰ ᠢ ᠲᠥᠢᠯ ᠢᠶᠠᠷ ᠬᠠᠶᠢᠷᠠᠯᠠᠳᠠᠭ᠂ ᠤᠳᠤ ᠨᠤᠲᠤᠭ ᠤᠰᠤ ᠬᠦᠴᠢᠷᠳᠡᠯ ᠲᠠᠢ ᠪᠠᠶᠢᠬᠤ ᠳᠤ ᠪᠢ ᠬᠠᠷᠢᠬᠤ ᠦᠭᠡᠢ ᠪᠠᠶᠢᠵᠤ ᠶᠠᠭᠠᠬᠢᠵᠤ ᠪᠣᠯᠬᠤ ᠪᠤᠢ︖ ᠣᠴᠢᠬᠤ ᠦᠭᠡᠢ ᠪᠠᠶᠢᠵᠤ ᠶᠠᠭᠠᠬᠢᠵᠤ ᠪᠣᠯᠬᠤ ᠪᠤᠢ︕
     10 ᠳ᠋ᠤᠭᠠᠷ ᠰᠠᠷ᠎ᠠ ᠶᠢᠨ 18 ᠤ ᠡᠳᠦᠷ ᠪᠣᠯ ᠠᠯᠠᠱᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡ ᠬᠤᠶᠠᠳᠤᠭᠠᠷ ᠡᠭᠡᠯᠵᠢ ᠶᠢᠨ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠡᠵᠡᠨ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠪᠠᠷ ᠮᠣᠷᠳᠠᠬᠤ ᠡᠳᠦᠷ ᠪᠣᠯᠤᠨ᠎ᠠ᠂ ᠦᠳᠡ ᠶᠢᠨ ᠬᠤᠶᠢᠨᠠᠬᠢ 5 ᠴᠠᠭ ᠲᠤ᠂ ᠯᠢᠦᠶ ᠶᠢᠨ ᠬᠤ᠋ ᠨᠥᠬᠦᠷ ᠤᠨ ᠳᠠᠭᠠᠭᠤᠯᠤᠭᠰᠠᠨ ᠬᠤᠶᠠᠳᠤᠭᠠᠷ ᠡᠭᠡᠯᠵᠢ ᠶᠢᠨ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠡᠵᠡᠨ᠎ᠡ ᠤᠷᠤᠭᠤ ᠮᠣᠷᠳᠠᠪᠠ᠂ ᠲᠡᠭᠦᠨ ᠤ ᠬᠥᠭᠰᠢᠨ ᠨᠢ ᠪᠠᠰᠠ ᠲᠡᠭᠦᠨ ᠲᠠᠢ ᠬᠠᠮᠲᠤ ᠶᠠᠪᠤᠵᠤ᠂ ᠬᠠᠮᠲᠤ ᠪᠠᠷ ︽ᠬᠢᠵᠢᠭ︾ ᠢ ᠡᠰᠡᠷᠭᠦᠴᠡᠬᠦ ᠪᠠᠶᠢᠯᠳᠤᠭᠠᠨ ᠬᠢᠬᠦ ᠪᠠᠷ ᠮᠤᠷᠳᠠᠵᠠᠢ᠃      ᠡᠳᠡᠭᠡᠷ ᠡᠳᠦᠷ ᠤᠳ ᠲᠤ᠂ ᠯᠢᠦᠢ ᠶᠢᠨ ᠬᠤ᠋ ᠨᠥᠬᠦᠷ ᠳᠠᠶᠢᠴᠢᠨ ᠨᠥᠬᠦᠳ ᠲᠠᠢ ᠪᠠᠨ ᠡᠳᠦᠷ ᠰᠥᠨᠢ ᠦᠭᠡᠢ ᠨᠢᠭᠡᠳᠦᠭᠡᠷ ᠹᠷᠣᠨᠲ ᠲᠤ ᠪᠠᠶᠢᠯᠳᠤᠵᠤ᠂ ᠡᠳᠦᠷ ᠪᠦᠷᠢ ᠡᠷᠲᠡ ᠭᠠᠷᠴᠤ ᠤᠷᠤᠢ ᠪᠤᠴᠠᠨ᠂ ᠡᠯ᠎ᠡ ᠵᠢᠵᠢᠭᠦᠷᠯᠡᠬᠦ ᠭᠠᠵᠠᠷ ᠲᠤ ᠭᠦᠶᠦᠵᠦ ᠪᠠᠶᠢᠯ᠎ᠠ᠃ ︽ᠬᠢᠵᠢᠭ︾ ᠤᠨ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ ᠲᠡᠷᠡ ᠤᠷᠢᠳ ᠬᠤᠵᠢᠳ ᠲᠣᠷᠭᠤᠳ ᠨᠡᠶᠢᠭᠡᠮ ᠲᠣᠭᠤᠷᠢᠭ ᠪᠠ ᠠᠯᠠᠱᠠ ᠪᠠᠷᠠᠭᠤᠨ ᠬᠤᠰᠢᠭᠤᠨ ᠤ ᠳᠤᠭᠤᠶᠢᠯᠠᠩ᠂ ᠳᠠᠮᠵᠢᠭᠤᠯᠤᠨ ᠲᠡᠭᠡᠭᠡᠪᠦᠷᠢᠯᠡᠬᠦ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠨᠠᠶᠢᠳᠠᠪᠤᠷᠢᠵᠢᠭᠤᠯᠤᠭᠰᠠᠨ ᠢ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠭᠦᠷᠭᠡ ᠭᠦᠢᠴᠡᠳᠬᠡᠵᠦ ᠬᠠᠤᠯᠢ ᠬᠡᠷᠡᠭᠵᠢᠭᠦᠯᠬᠦ ᠪᠠ ᠬᠤᠪᠢ ᠬᠥᠮᠦᠨ ᠤ ᠬᠠᠮᠠᠭᠠᠯᠠᠯᠲᠠ ᠶᠢᠨ ᠠᠩᠬᠠᠷᠬᠤ ᠵᠦᠢᠯᠡᠰ ᠢ ᠬᠢᠨᠠᠨ ᠵᠢᠯᠣᠭᠤᠳᠴᠤ᠂ ᠨᠥᠬᠦᠳ ᠨᠠᠷ ᠤᠨ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠵᠦ᠂ ᠶᠡᠷᠦᠩᠬᠡᠶᠢᠯᠡᠨ ᠵᠢᠯᠣᠭᠤᠳᠬᠤ᠂ ᠳᠡᠭᠡᠭᠰᠢ ᠮᠡᠳᠡᠭᠦᠯᠬᠦ ᠪᠠ ᠳᠣᠷᠣᠭᠰᠢ ᠳᠠᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠡᠨᠡ ᠬᠤᠭᠤᠴᠠᠭᠠᠨ ᠳᠤ᠂ ᠲᠡᠷᠡ ᠪᠠᠰᠠ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠤᠨ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ᠨᠠᠮ ᠤᠨ ᠡᠭᠦᠷ ᠤᠨ ᠱᠦᠵᠢ ᠶᠢᠨ ᠬᠤᠪᠢ ᠪᠠᠷ ᠤᠯᠤᠰ ᠲᠦᠷᠦ ᠦᠵᠡᠯ ᠰᠠᠨᠠᠭᠠᠨ ᠤ ᠬᠥᠮᠦᠵᠢᠯ ᠪᠣᠯᠤᠨ ᠬᠠᠯᠠᠮᠵᠢᠯᠠᠯ ᠲᠣᠬᠤᠨᠢᠭᠤᠯᠤᠯ ᠢ ᠠᠵᠢᠯ ᠤᠨ ᠳᠤᠮᠳᠠ ᠪᠠᠨ ᠲᠤᠭᠤᠰᠢᠯᠠᠭᠤᠯᠬᠤ ᠶᠢ ᠬᠠᠷᠢᠭᠤᠴᠠᠵᠤ᠂ ︽ᠬᠢᠵᠢᠭ︾ ᠢ ᠡᠰᠡᠷᠭᠦᠴᠡᠬᠦ ᠪᠠᠶᠢᠯᠳᠤᠭᠠᠨ ᠤ ᠡᠮᠦᠨ᠎ᠡ ᠹᠷᠣᠨᠲ ᠲᠤ ᠤᠯᠠᠨ ᠢ ᠵᠣᠷᠢᠭᠵᠢᠭᠤᠯᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠰᠡᠷᠭᠡᠶᠢᠯᠡᠨ ᠡᠵᠡᠮᠳᠡᠬᠦ ᠠᠵᠢᠯ ᠢ  ᠡᠷᠴᠢᠮᠲᠡᠢ ᠶᠠᠪᠤᠭᠳᠠᠭᠤᠯᠪᠠ᠃      ︽ᠬᠢᠵᠢᠭ︾ ᠤᠨ ᠹᠷᠣᠨᠲ ᠲᠤ ᠪᠠᠶᠢᠯᠳᠤᠵᠤ ᠪᠠᠶᠢᠭ᠎ᠠ ᠡᠳᠦᠷ ᠤᠳ ᠲᠤ᠂ ᠯᠢᠦᠢ ᠶᠢᠨ ᠬᠤ᠋ ᠨᠥᠬᠦᠷ ᠡᠳᠦᠷ ᠪᠣᠯᠭᠠᠨ ᠨᠤᠲᠤᠭ ᠤᠨ ᠢᠶᠠᠨ ᠵᠡᠭᠡᠯᠢ ᠭᠤᠳᠤᠮᠵᠢ ᠪᠠᠷ ᠶᠠᠪᠤᠬᠤ ᠳᠤ ᠪᠠᠨ᠂ ᠦᠷᠭᠦᠯᠵᠢ ᠮᠥᠷᠥ ᠵᠡᠷᠭᠡᠴᠡᠨ ᠪᠠᠶᠢᠯᠳᠤᠵᠤ ᠪᠠᠶᠢᠭᠰᠠᠨ ᠳᠠᠶᠢᠴᠢᠨ ᠨᠥᠬᠦᠷ ᠪᠣᠯᠤᠨ ᠬᠠᠮᠲᠤ ᠠᠵᠢᠯᠯᠠᠵᠤ ᠪᠠᠶᠢᠭᠰᠠᠨ ᠥᠬᠢᠨ ᠲᠠᠢ ᠪᠠᠨ ᠠᠭᠤᠯᠵᠠᠵᠤ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢ ᠪᠦᠬᠦᠨ ᠢ ᠣᠶᠢᠯᠠᠭᠠᠨ᠎ᠠ ᠭᠡᠵᠦ ᠬᠡᠯᠡᠵᠦ ᠪᠣᠯᠤᠨ᠎ᠠ᠂ ᠯᠢᠦᠢ ᠶᠢᠨ ᠬᠤ᠋ ︽ᠬᠡᠦᠬᠡᠳ ᠤᠳ︾ ᠢ ᠲᠠᠰᠤᠷᠠᠯᠲᠠ ᠦᠭᠡᠢ ᠵᠣᠷᠢᠭᠵᠢᠭᠤᠯᠵᠤ᠄ ᠲᠠᠨᠠᠷ ᠵᠦᠳᠡᠷᠡᠯ᠎ᠡ︕ ᠴᠢᠷᠮᠠᠶ ︕ ᠲᠡᠰᠪᠦᠷᠢᠯᠡ︕ ᠨᠠᠮ ᠢᠶᠠᠨ ᠢᠲᠡᠭᠡᠵᠦ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠪᠠᠯ᠂ ᠪᠢᠳᠡ ᠯᠠᠪᠲᠠᠶ ᠢᠯᠠᠨ᠎ᠠ ᠁
     ᠡᠳᠡᠭᠡᠷ ︽ᠬᠡᠦᠬᠡᠳ ᠤᠳ︾ ᠯᠢᠦᠢ ᠶᠢᠨ ᠬᠤ᠋ ᠨᠥᠬᠦᠷ ᠲᠠᠢ ᠠᠭᠤᠯᠵᠠᠭᠠᠳ ᠤᠶᠠᠷᠠᠭᠰᠠᠨ ᠮᠥᠷᠲᠡᠭᠡᠨ ᠭᠠᠶᠢᠬᠠᠵᠤ᠄ ︽ᠯᠢᠦᠢ ᠤᠯᠤᠰ ᠲᠥᠷᠥ ᠶᠢᠨ ᠭᠡᠰᠢᠭᠦᠨ ᠡ᠂ ᠲᠠ ᠠᠵᠢᠯ ᠤᠨ ᠠᠮᠠᠷᠠᠯᠲᠠ ᠠᠪᠬᠤ ᠣᠶᠢᠷᠠᠳᠤᠴᠢᠬᠠᠭᠰᠠᠨ ᠪᠠᠶᠢᠭᠠᠳ ᠶᠠᠭᠠᠬᠢᠭᠠᠳ ᠬᠠᠷᠢᠭᠠᠳ ᠢᠷᠡᠴᠢᠬᠡᠪᠡ︖  ᠯᠢᠦᠶ ᠤᠯᠤᠰ ᠲᠥᠷᠥ ᠶᠢᠨ ᠭᠡᠰᠢᠭᠦᠨ ᠡ᠂ ᠲᠠ ᠪᠡᠶ᠎ᠡ ᠪᠠᠨ ᠬᠢᠴᠢᠶᠡᠭᠡᠷᠡᠶ︕ ᠠᠪᠤ ᠡ᠂ ᠲᠠ ᠥᠪᠡᠷ  ᠤᠨ  ᠪᠡᠶ᠎ᠡ  ᠶᠢᠨ  ᠬᠠᠮᠠᠭᠠᠯᠠᠯᠲᠠ  ᠪᠠᠨ  ᠰᠠᠶᠢᠲᠤᠷ ᠬᠢᠭᠡᠷᠡᠢ ᠁︾  ᠭᠡᠵᠦ ᠬᠠᠯᠠᠮᠵᠢᠯᠠᠨ᠎ᠠ᠃      ᠡᠳᠡᠭᠡᠷ ᠡᠳᠦᠷ ᠤᠳ ᠲᠤ᠂ ᠯᠢᠦᠶ ᠶᠢᠨ ᠬᠤ᠋ ᠨᠥᠬᠦᠷ ᠳᠠᠶᠢᠴᠢᠨ ᠨᠥᠬᠦᠳ ᠲᠠᠢ ᠪᠠᠨ ᠡᠳᠦᠷ ᠪᠦᠷᠢ ᠴᠥᠮ ᠬᠤᠷᠢᠭᠠᠳ ᠴᠠᠭ ᠣᠷᠴᠢᠮ ᠠᠵᠢᠯᠯᠠᠨ᠎ᠠ᠃ ᠵᠠᠯᠭᠠᠭ᠎ᠠ ᠪᠠᠷ ᠥᠨᠳᠥᠷ ᠬᠦᠴᠦᠯᠡᠴᠡ ᠲᠠᠢ ᠠᠵᠢᠯ ᠤᠨ ᠳᠠᠷᠤᠯᠲᠠ ᠠᠴᠠ ᠳᠡᠭᠦᠨ ᠤ ᠪᠡᠶ᠎ᠡ ᠨᠢ ᠪᠠᠶᠢᠨ ᠳᠠᠬᠢᠨ ᠲᠣᠯᠣᠭᠠᠶ ᠡᠷᠭᠢᠬᠦ᠂ ᠵᠢᠷᠦᠬᠡ ᠲᠥᠭᠰᠢᠬᠦ᠂ ᠴᠢᠰᠤᠨ ᠳᠠᠷᠤᠯᠲᠠ ᠥᠨᠳᠥᠷ ᠵᠡᠷᠭᠡ ᠡᠪᠡᠳᠴᠢᠨ ᠤ ᠢᠯᠡᠷᠡᠯ ᠭᠠᠷᠤᠭᠰᠠᠨ ᠳᠤ᠂ ᠤᠷᠢᠳ ᠢᠶᠠᠷ ᠡᠮ ᠢᠶᠠᠨ ᠤᠤᠭᠤᠭᠠᠳ ᠰᠠᠶ᠋ᠢ ᠠᠵᠢᠯ ᠳᠤ ᠭᠠᠷᠳᠠᠭ᠃ ᠲᠠᠶᠢᠴᠢᠨ ᠨᠥᠬᠦᠳ ᠤᠨ ᠢᠶᠠᠨ ᠡᠮᠦᠨ᠎ᠡ ᠶᠡᠷᠦ ᠨᠢ ᠡᠶᠡᠯᠳᠡᠭ ᠲᠠᠶᠢᠪᠤᠭᠤ ᠪᠠᠶᠢᠵᠤ᠂ ᠢᠯᠡᠭᠦᠬᠡᠨ ᠠᠵᠢᠯ ᠬᠢᠵᠦ᠂ ᠡᠮᠦᠨ᠎ᠡ ᠹᠷᠣᠨᠲ ᠤᠨ ᠲᠠᠶᠢᠴᠢᠨ ᠨᠥᠬᠦᠳ ᠢᠶᠠᠨ ᠢᠯᠡᠭᠦᠬᠡᠨ ᠬᠠᠪᠰᠤᠷᠴᠤ ᠡᠳᠦᠷ ᠪᠦᠷᠢ᠂ ᠡᠭᠡᠯᠵᠢ ᠪᠦᠷᠢ ᠶᠢᠨ ᠵᠢᠵᠢᠭᠦᠷ ᠤᠨ ᠡᠭᠦᠷᠭᠡ ᠶᠢ ᠦᠨᠡᠨ ᠬᠦ ᠴᠢᠨᠠᠷ ᠰᠠᠶᠢᠲᠠᠢ ᠪᠡᠶᠡᠯᠡᠭᠦᠯᠵᠦ ᠶᠠᠪᠤᠨ᠎ᠠ᠃ ᠲᠠᠶᠢᠴᠢᠨ ᠨᠥᠬᠦᠳ ᠨᠢ ᠨᠡᠩ ᠴᠤ ᠡᠨᠡ ᠬᠦ ᠬᠠᠯᠠᠭᠤᠨ ᠰᠡᠳᠬᠢᠯᠲᠦ ︽ᠯᠢᠦᠶ ᠤᠯᠤᠰ ᠲᠥᠷᠥ ᠶᠢᠨ ᠭᠡᠰᠢᠭᠦᠨ︾ ᠢ ᠬᠦᠨᠳᠦᠳᠬᠡᠨ ᠬᠠᠶᠢᠷᠠᠯᠠᠵᠤ᠂ ᠲᠦᠢᠯ ᠤᠨ ᠶᠡᠭᠡ ᠪᠠᠷ ᠬᠠᠯᠠᠮᠵᠢᠯᠠᠪᠠ᠃
     10 ᠳ᠋ᠤᠭᠠᠷ ᠰᠠᠷ᠎ᠠ ᠶᠢᠨ 23 ᠤ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠠᠴᠠ ᠪᠣᠯᠵᠤ᠂ ᠡᠵᠡᠨ᠎ᠡ ᠬᠤᠰᠢᠭᠤᠨ ᠤ ᠵᠢᠵᠢᠭᠦᠷ ᠤᠨ ᠴᠠᠭᠳᠠᠭ᠎ᠠ ᠶᠢᠨ ᠬᠦᠴᠦᠨ ᠴᠥᠮ ᠬᠡᠷ ᠲᠤ ᠪᠠᠨ ᠬᠠᠷᠢᠵᠤ ᠪᠣᠯᠬᠤ ᠥᠬᠡᠶ᠂ ᠯᠢᠦᠶ ᠶᠢᠨ ᠬᠤ᠋ ᠨᠥᠬᠦᠷ ᠤᠨ ᠬᠥᠭᠰᠢᠨ ᠨᠢ ᠲᠠᠮᠪᠠᠷᠠᠭᠰᠠᠨ ᠤ ᠳᠠᠷᠠᠭ᠎ᠠ ᠡᠷᠡᠭᠦᠯᠵᠢᠬᠦ ᠱᠠᠲᠤᠨ ᠳᠤ ᠪᠠᠨ ᠪᠠᠶᠢᠵᠤ᠂ ᠭᠠᠭᠴᠠᠭᠠᠷ ᠢᠶᠠᠨ ᠭᠡᠷ ᠲᠤ ᠪᠠᠨ ᠲᠤᠰᠠᠭᠠᠷᠯᠠᠭᠳᠠᠵᠤ᠂ ᠳᠠᠷᠢᠬᠢᠨ ᠤ ᠪᠦᠭᠯᠡᠷᠡᠬᠦ ᠡᠪᠡᠳᠴᠢᠨ ᠳᠤ ᠬᠦᠭᠰᠢᠨ ᠨᠢ ᠨᠡᠷᠪᠡᠭᠳᠡᠭᠰᠡᠨ ᠠᠴᠠ ᠬᠤᠶᠢᠰᠢ᠂ ᠰᠥᠨᠢ ᠳᠤ ᠪᠠᠨ ᠬᠥᠯ ᠤᠨ ᠰᠢᠷᠪᠥᠰᠥ ᠨᠢ ᠲᠠᠲᠠᠬᠤ᠂ ᠮᠥᠴᠢ ᠨᠢ ᠮᠢᠨᠴᠦᠭᠦᠷᠡᠬᠦ ᠵᠡᠷᠭᠡ ᠭᠡᠨᠡᠳᠲᠡ ᠶᠢᠨ ᠡᠪᠡᠳᠴᠢᠨ ᠤ ᠢᠯᠡᠷᠡᠯ ᠭᠠᠷᠬᠤ ᠪᠣᠯᠪᠠ᠃ ᠯᠢᠦᠶ ᠶᠢᠨ ᠬᠤ᠋ ᠨᠥᠬᠦᠷ ᠶᠡᠷᠦ ᠠᠴᠠ ᠰᠠᠨᠠᠭ᠎ᠠ ᠠᠮᠤᠷ ᠤᠨᠲᠠᠵᠤ ᠴᠢᠳᠠᠬᠤ ᠥᠬᠡᠶ᠂ ᠰᠦᠨᠢ ᠳᠤ ᠪᠠᠨ ᠦᠷᠭᠦᠯᠵᠢ ᠬᠥᠭᠰᠢᠨ ᠳᠤ ᠪᠠᠨ ᠢᠯᠢᠯᠭᠡ ᠬᠢᠬᠦ᠂ ᠡᠮ ᠤᠤᠭᠤᠯᠭᠠᠵᠤ ᠡᠪᠡᠳᠬᠦ ᠶᠢ ᠨᠢ ᠨᠠᠮᠳᠠᠭᠤᠯᠳᠠᠭ᠃ ᠲᠡᠷᠡ ᠪᠠᠶᠠᠷᠯᠠᠩᠭᠤᠶ ᠪᠠᠷ᠄ ︽ᠠᠩᠬ᠎ᠠ ᠢᠷᠡᠭᠰᠡᠨ ᠬᠡᠳᠦᠨ ᠡᠳᠦᠷ᠂ ᠬᠥᠭᠰᠢᠨ ᠢᠶᠠᠨ ᠬᠠᠷᠠᠭᠠᠯᠵᠠᠬᠤ ᠶᠢᠨ ᠳᠠᠭᠠᠤ ᠠᠵᠢᠯᠯᠠᠵᠤ᠂ ᠡᠨᠡ ᠬᠡᠳᠦᠨ ᠡᠳᠦᠷ ᠵᠥᠪᠬᠡᠨ ᠡᠳᠦᠷ ᠪᠦᠷᠢ ᠰᠦ᠂ ᠳᠥᠭᠦᠮ ᠬᠤᠭᠤᠯᠠ᠂ ᠲᠠᠬᠢᠶᠠᠨ ᠥᠨᠳᠡᠭᠡ ᠪᠠᠨ ᠰᠠᠭᠤᠭᠠᠯᠢ ᠲᠣᠭᠤᠷᠢᠭ ᠤᠨ ᠡᠭᠦᠳᠡᠨ ᠳᠤ ᠬᠦᠷᠭᠡᠵᠦ᠂ ᠳᠠᠬᠢᠭᠠᠳ ᠰᠠᠬᠢᠵᠤ ᠪᠠᠶᠢᠭ᠎ᠠ ᠠᠵᠢᠯᠲᠠᠨ ᠢᠶᠠᠷ ᠬᠥᠭᠰᠢᠨ ᠳᠤ ᠬᠦᠷᠭᠡᠭᠦᠯᠵᠦ᠂ ᠲᠡᠭᠦᠨ ᠢ ᠡᠪᠯᠡᠭᠦᠯᠵᠦ ᠪᠠᠶᠢᠭᠠᠳ ᠢᠳᠡᠭᠦᠯᠪᠡᠯ ᠪᠣᠯᠴᠢᠬᠠᠨ᠎ᠠ᠂ ᠪᠢᠳᠡ ᠦᠷᠭᠦᠯᠵᠢ ᠤᠲᠠᠰᠤᠳᠠᠳᠠᠭ᠂ ᠬᠥᠭᠰᠢᠨ ᠤ ᠰᠠᠶᠢᠨ ᠪᠠᠶᠢᠬᠤ ᠶᠢ ᠮᠡᠳᠡᠪᠡᠯ ᠪᠢ ᠰᠠᠨᠠᠭ᠎ᠠ ᠠᠮᠤᠷ ᠠᠵᠢᠯᠯᠠᠴᠢᠬᠠᠨ᠎ᠠ︾ ᠭᠡᠪᠡ᠃      ᠡᠲᠡᠭᠡᠷ ᠡᠳᠦᠷ ᠤᠳ ᠲᠤ᠂ ᠡᠵᠡᠨ᠎ᠡ ᠶᠢᠨ ᠬᠢᠵᠢᠭ ᠤᠨ ᠪᠠᠶᠢᠳᠠᠯ ᠨᠢ ᠪᠥᠬᠦ ᠤᠯᠤᠰ ᠤᠨ ᠡᠯ᠎ᠡ ᠭᠠᠵᠠᠷ ᠤᠨ ᠬᠥᠮᠦᠰ ᠤᠨ ᠰᠡᠳᠬᠢᠯ ᠢ ᠲᠠᠲᠠᠵᠤ᠂ ᠡᠯ᠎ᠡ ᠲᠥᠷᠥᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ︽ᠬᠢᠵᠢᠭ︾ ᠢ ᠡᠰᠡᠷᠭᠦᠴᠡᠬᠦ ᠬᠦᠴᠦᠨ ᠲᠠᠰᠤᠷᠠᠯᠲᠠ ᠥᠬᠡᠶ ᠵᠢᠵᠢᠭ ᠬᠤᠲᠠ ᠳᠤ ᠬᠥᠷᠦᠯᠴᠡᠨ ᠢᠷᠡᠵᠦ᠂ ᠡᠨᠡ ᠬᠦ ᠠᠯᠲᠠᠨ ᠰᠢᠷᠭᠠᠯ ᠥᠩᠭᠡ ᠪᠠᠷ ᠭᠢᠯᠠᠯᠵᠠᠭᠰᠠᠨ ᠬᠢᠯᠢ ᠬᠢᠵᠠᠭᠠᠷ ᠤᠨ ᠪᠠᠯᠭᠠᠰᠤᠨ ᠳᠤ ᠬᠠᠶᠢᠷ᠎ᠠ ᠪᠠ ᠬᠦᠰᠡᠯ ᠡᠷᠡᠮᠡᠯᠵᠡᠯ ᠢ ᠪᠢᠯᠬᠠᠭᠤᠯᠤᠭᠰᠠᠨ ᠪᠥᠭᠡᠳ ᠠᠳᠡᠬᠢ ᠪᠠᠲᠤ ᠰᠠᠬᠢᠵᠤ ᠪᠠᠶᠢᠭ᠎ᠠ ᠴᠠᠭᠳᠠᠭ᠎ᠠ ᠳᠤ ᠨᠠᠩ ᠪᠠᠲᠤ ᠴᠢᠩᠭ᠎ᠠ ᠬᠦᠴᠦᠨ ᠴᠢᠳᠠᠯ ᠨᠡᠮᠡᠷᠢᠯᠡᠪᠡ᠃       ᠳᠠᠶᠢᠴᠢᠨ ᠨᠥᠬᠦᠳ ᠲᠠᠢ ᠪᠠᠨ ︽ᠬᠢᠵᠢᠭ︾ ᠢ ᠡᠰᠡᠷᠭᠦᠴᠡᠬᠦ ᠨᠢᠭᠡᠳᠦᠭᠡᠷ ᠹᠷᠣᠨᠲ ᠲᠤ ᠪᠠᠶᠢᠯᠳᠤᠵᠤ᠂ ᠦᠢᠯᠡᠰ ᠢᠶᠠᠨ ᠲᠡᠭᠡᠳᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ