︽ᠰᠦᠨᠢᠳ ᠵᠡᠬᠦᠨ ᠬᠤᠰᠢᠭᠤᠨ ᠤ ᠰᠠᠶᠢᠨ ᠲᠤᠷ᠎ᠠ ᠶᠢᠨ ᠴᠠᠭᠳᠠᠭ᠎ᠠ︾ ᠶᠢᠨ ᠰᠠᠶᠢᠨ ᠲᠤᠷᠠᠴᠣᠳ ᠤᠨ ᠦᠢᠯᠡᠴᠢᠯᠡᠭᠡᠨ ᠤ ᠳᠠᠶᠢᠴᠢᠯᠠᠯᠲᠠ ᠶᠢᠨ ᠶᠣᠰᠣᠯᠠᠯ  ᠢ ᠦᠷᠨᠢᠬᠦᠯᠪᠡ
ᠨᠡᠶᠢᠲᠡᠯᠡᠭᠰᠡᠨ ᠴᠠᠭ᠄
2021/11/17
         ︽ᠰᠦᠨᠢᠳ ᠵᠡᠬᠦᠨ ᠬᠤᠰᠢᠭᠤᠨ ᠤ ᠰᠠᠶᠢᠨ ᠲᠤᠷ᠎ᠠ ᠶᠢᠨ ᠴᠠᠭᠳᠠᠭ᠎ᠠ︾ ᠶᠢᠨ ᠰᠠᠶᠢᠨ          ᠲᠤᠷᠠᠴᠣᠳ ᠤᠨ ᠦᠢᠯᠡᠴᠢᠯᠡᠭᠡᠨ ᠤ ᠳᠠᠶᠢᠴᠢᠯᠠᠯᠲᠠ ᠶᠢᠨ ᠶᠣᠰᠣᠯᠠᠯ ᠢ ᠦᠷᠨᠢᠬᠦᠯᠪᠡ        ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠮᠠᠨᠲᠠᠯᠲᠤ ᠪᠠᠯᠭᠠᠰᠤᠨ ᠤ ᠬᠤᠶᠠᠲᠤᠭᠠᠷ ᠲᠤᠮᠢᠯᠠᠭᠰᠠᠨ ᠰᠠᠯᠪᠤᠷᠢ ᠨᠢ ᠬᠤᠰᠢᠭᠤᠨ ᠤ ᠵᠠᠮ ᠳᠡᠭᠡᠭᠡᠪᠥᠷᠢ ᠶᠢᠨ ᠶᠠᠷᠥᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠬᠢ ᠲᠠᠢ ᠬᠠᠮᠲᠤᠷᠡᠨ᠂ ᠲᠥᠷᠢᠶᠡᠰᠦᠨ ᠮᠠᠰᠢᠨ ᠳᠡᠷᠭᠡᠨ  ᠤ ᠵᠢᠯᠤᠭᠤᠴᠢ ᠶᠢ ᠵᠤᠬᠢᠶᠠᠨ ᠪᠠᠶᠢᠭᠤᠯᠵᠤ᠂ ︽ᠰᠦᠨᠢᠳ ᠵᠡᠬᠦᠨ ᠬᠤᠰᠢᠭᠤᠨ ᠤ ᠰᠠᠶᠢᠨ ᠲᠤᠷ᠎ᠠ ᠶᠢᠨ ᠴᠠᠭᠳᠠᠭ᠎ᠠ︾ ᠶᠢᠨ ᠰᠠᠶᠢᠨ ᠲᠤᠷᠠᠴᠣᠳ ᠤᠨ ᠦᠢᠯᠡᠴᠢᠯᠡᠭᠡᠨ  ᠤ ᠳᠠᠶᠢᠴᠢᠯᠠᠯᠲᠠ ᠶᠢᠨ ᠶᠤᠰᠤᠯᠠᠯ ᠢ ᠦᠷᠨᠢᠬᠦᠯᠪᠡ᠃
     ᠤᠲᠤᠬᠠᠨ ᠳᠤ᠂ 50 ᠨᠡᠷᠡᠰ ᠲᠤᠭᠤᠷᠢᠨ ᠴᠠᠭᠳᠠᠬᠤ ᠲᠥᠷᠢᠶᠡᠰᠦᠨ ᠮᠠᠰᠢᠨ ᠳᠡᠷᠭᠡᠨ ᠤ ᠵᠢᠯᠤᠭᠤᠴᠢ ᠪᠠᠷ ᠪᠦᠷᠢᠯᠳᠦᠭᠰᠡᠨ ᠠᠮᠤᠷ ᠢ ᠬᠠᠮᠠᠭᠠᠯᠠᠬᠤ ᠰᠠᠶᠢᠨ ᠲᠤᠷᠠᠴᠤᠳ ᠤᠨ ︽ᠰᠦᠨᠢᠳ ᠵᠡᠬᠦᠨ ᠬᠤᠰᠢᠭᠤᠨ ᠤ ᠰᠠᠶᠢᠨ ᠲᠤᠷ᠎ᠠ ᠶᠢᠨ ᠴᠠᠭᠳᠠᠭ᠎ᠠ︾ ᠶᠢᠨ ᠲᠤᠭᠤᠷᠢᠨ ᠰᠡᠷᠭᠡᠶᠢᠯᠡᠬᠦ ᠬᠦᠴᠦᠨ ᠨᠢ ᠮᠠᠨ ᠤ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ︽ᠨᠡᠬᠦᠲᠡᠯ ᠴᠠᠭᠳᠠᠭᠤᠯ︾ ᠪᠤᠯᠤᠭᠰᠠᠨ ᠪᠠᠶᠢᠨ᠎ᠠ᠃ ᠲᠤᠭᠤᠷᠢᠨ ᠴᠠᠭᠳᠠᠬᠤ ᠲᠥᠷᠢᠶᠡᠰᠦᠨ ᠮᠠᠰᠢᠨ ᠳᠡᠷᠭᠡᠨ ᠤ ᠵᠢᠯᠤᠭᠤᠴᠢ ᠨᠢ ᠬᠤᠰᠢᠭᠤᠨ ᠤ ᠶᠡᠭᠡ ᠪᠠᠭ᠎ᠠ ᠵᠡᠬᠡᠯᠢ ᠭᠤᠲᠤᠮᠵᠢ ᠪᠠᠷ ᠴᠠᠭᠳᠠᠨ ᠪᠠᠶᠢᠴᠠᠭᠠᠬᠤ ᠡᠭᠦᠷᠭᠡ ᠶᠢ ᠬᠠᠮᠵᠢᠨ ᠡᠭᠦᠷᠭᠡᠯᠡᠪᠡ᠃ ᠮᠦᠨ ᠴᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠲᠡᠬᠦ ᠵᠡᠷᠭᠡ ᠠᠵᠢᠯᠯᠠᠭ᠎ᠠ ᠳᠤ ᠤᠷᠤᠯᠴᠠᠵᠤ᠂ ᠠᠮᠤᠷ ᠢ ᠬᠠᠮᠠᠭᠠᠯᠠᠬᠤ ᠮᠡᠲᠡᠭᠡ ᠵᠠᠩᠬᠢ ᠶᠢ ᠴᠤᠭᠯᠠᠭᠤᠯᠤᠨ᠂ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢᠨ ᠭᠡᠷᠡᠭ ᠤᠨ ᠰᠦᠪᠡᠭᠴᠢ ᠶᠢ ᠢᠯᠡᠴᠢᠯᠡᠨ ᠮᠡᠲᠡᠬᠦᠯᠵᠦ᠂ ᠨᠡᠶᠢᠭᠡᠮ ᠤᠨ ᠡᠯ᠎ᠠ ᠲᠠᠯ᠎ᠠ ᠶᠢᠨ ᠮᠡᠳᠡᠭᠡ ᠵᠠᠩᠬᠢ ᠶᠢ ᠠᠮᠢᠲᠤᠯᠢᠭ ᠢᠶᠠᠷ ᠡᠵᠡᠮᠰᠢᠵᠤ᠂ ᠨᠡᠶᠢᠭᠡᠮ  ᠤᠨ ᠠᠮᠤᠷ ᠲᠦᠪᠰᠢᠨ ᠢ ᠰᠦᠷᠲᠡᠬᠦᠯᠬᠦ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠪᠤᠲᠠᠲᠠᠢ ᠰᠤᠷᠠᠭ ᠵᠠᠩᠬᠢ ᠬᠠᠩᠭᠠᠵᠤ᠂ ᠠᠮᠤᠭᠤᠯᠠᠩ ᠰᠦᠨᠢᠳ ᠢ ᠴᠤᠭᠴᠠᠯᠠᠨ ᠪᠡᠶᠢᠭᠤᠯᠬᠤ ᠳᠤ ᠬᠠᠮᠲᠤ ᠪᠠᠷ ᠬᠦᠴᠦᠯᠡᠨ ᠴᠢᠷᠮᠠᠶᠢᠨ᠎ᠠ᠃ ︵ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠤᠶᠠᠰᠣᠨ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ