ᠬᠦᠪᠡᠭᠡᠲᠦ ᠰᠢᠷ᠎ᠠ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠨᠢ ᠨᠠᠶᠢᠳᠠᠨ ᠬᠠᠮᠢᠶᠠᠷᠤᠭᠤᠯᠬᠤ ᠲᠥᠪ ᠢ ᠪᠠᠶᠢᠭᠤᠯᠪᠠ
ᠨᠡᠶᠢᠲᠡᠯᠡᠭᠰᠡᠨ ᠴᠠᠭ᠄
2021/11/17
         ᠬᠦᠪᠡᠭᠡᠲᠦ ᠰᠢᠷ᠎ᠠ ᠬᠤᠰᠢᠭᠤᠨ ᠤ ᠲᠤᠳᠤᠭᠠᠲᠤ ᠶᠢ ᠬᠠᠮᠠᠭᠠᠯᠠᠬᠤ          ᠲᠤᠪᠴᠢᠶ᠎ᠠ ᠨᠢ ᠨᠠᠶᠢᠳᠠᠨ ᠬᠠᠮᠢᠶᠠᠷᠤᠭᠤᠯᠬᠤ ᠲᠥᠪ ᠢ ᠪᠠᠶᠢᠭᠤᠯᠪᠠ      ᠴᠠᠭᠳᠠᠭ᠎ᠠ ᠪᠠᠨ ᠬᠠᠶᠢᠷᠠᠯᠠᠵᠤ ᠴᠠᠭᠳᠠᠭ᠎ᠠ ᠪᠠᠨ ᠬᠠᠯᠠᠮᠵᠢᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ᠂ ᠬᠤᠤᠰ ᠴᠠᠭᠳᠠᠭ᠎ᠠ ᠶᠢᠨ ᠬᠡᠷ ᠪᠦᠯᠢ ᠪᠠ ᠨᠢᠭᠡᠳᠦᠭᠡᠷ ᠹᠷᠣᠨᠲ ᠤᠨ ᠴᠠᠭᠳᠠᠭ᠎ᠠ ᠶᠢᠨ ᠬᠡᠷ ᠪᠦᠯᠢ ᠶᠢᠨ ᠰᠠᠳᠬᠢᠯ ᠰᠠᠨᠠᠭ᠎ᠠ ᠶᠢ ᠠᠮᠤᠷᠵᠢᠭᠤᠯᠬᠤ᠂  ᠴᠠᠭᠳᠠᠭ᠎ᠠ ᠶᠢ ᠤᠷᠮ᠎ᠠ ᠪᠠᠬ᠎ᠠ ᠶᠢ ᠤᠷᠮᠠᠰᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 1 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ  ᠤ ᠨᠠᠬᠢᠶ᠎ᠠ ᠬᠡᠦᠬᠡᠳ ᠤᠨ ᠴᠡᠴᠡᠷᠯᠢᠭ ᠲᠤ ᠴᠠᠭᠳᠠᠭ᠎ᠠ ᠶᠢᠨ ᠦᠷ᠎ᠡ ᠬᠡᠦᠬᠡᠳ ᠤᠨ ᠤᠨᠴᠠᠭᠠᠢ ᠦᠶ᠎ᠡ ᠶᠢᠨ ᠨᠠᠶᠢᠳᠠᠨ ᠬᠠᠮᠢᠶᠠᠷᠤᠭᠤᠯᠬᠤ ᠬᠤᠶᠠᠳᠠᠭᠴᠢ ᠲᠥᠪ ᠢ ‍ᠤ‌‍ᠠᠶᠢᠭᠤᠯᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ᠂ ᠨᠠᠬᠢᠶ᠎ᠠ ᠬᠡᠦᠬᠡᠳ ᠤᠨ ᠴᠡᠴᠡᠷᠯᠢᠭ ᠤᠨ ᠵᠠᠬᠢᠷᠤᠯ ᠫᠠᠶᠢᠰᠠ ᠡᠯᠭᠦᠬᠦ ᠶᠣᠰᠣᠯᠠᠯ ᠳᠤ ᠣᠷᠤᠯᠴᠠᠪᠠ᠃
     ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠤᠢ᠂ ᠥᠷᠭᠡᠨ ᠤᠯᠠᠨ ᠴᠠᠭᠳᠠᠭ᠎ᠠ ᠦᠴᠦᠬᠡᠨ ᠭᠡᠷ ᠢᠶᠠᠨ ᠤᠭᠤᠷᠴᠤ ᠦᠷᠯᠦᠭ ᠤᠯᠤᠰ ᠤᠨ ᠢᠶᠠᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠬᠦ ᠶᠢ ᠪᠠᠷᠢᠮᠲᠠᠯᠠᠵᠤ᠂ ᠵᠠᠷᠢᠮ ᠴᠠᠭᠳᠠᠭ᠎ᠠ ᠦᠷ᠎ᠡ ᠬᠡᠦᠬᠡᠳ ᠢᠶᠠᠨ ᠴᠤ ᠬᠠᠷᠠᠭᠠᠯᠵᠠᠬᠤ ᠵᠠᠪ ᠦᠭᠡᠢ ᠪᠠᠶᠢᠭ᠎ᠠ ᠪᠠᠶᠢᠳᠠᠯ ᠢ ᠲᠣᠪᠴᠢᠶᠠᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠬᠦ ᠤᠨᠴᠠᠭᠠᠢ ᠦᠶ᠎ᠡ ᠳᠤ  ᠴᠠᠭᠳᠠᠭ᠎ᠠ ᠶᠢᠨ ᠦᠷ᠎ᠡ ᠬᠡᠦᠬᠡᠳ ᠢ ᠬᠠᠶᠢᠷᠠᠯᠠᠵᠤ ᠬᠠᠮᠠᠭᠠᠯᠠᠬᠤ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠴᠠᠭᠳᠠᠭ᠎ᠠ ᠶᠢᠨ ᠰᠠᠳᠬᠢᠯ ᠢ ᠳᠤᠯᠠᠭᠠᠴᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ᠂ ᠲᠣᠨᠤᠭ ᠲᠥᠬᠦᠭᠡᠷᠦᠮᠵᠢ ᠰᠠᠶᠢᠨ᠂ ᠨᠥᠬᠦᠴᠡᠯ ᠰᠠᠶᠢᠨ᠂ ᠡᠷᠡᠭᠦᠯ ᠬᠠᠮᠠᠭᠠᠯᠠᠯ ᠰᠠᠶᠢᠨ᠂ ᠵᠠᠮ ᠬᠠᠷᠢᠯᠴᠠᠭ᠎ᠠ ᠰᠠᠶᠢᠨ ᠨᠠᠬᠢᠶ᠎ᠠ ᠬᠡᠦᠬᠡᠳ ᠤᠨ ᠴᠡᠴᠡᠷᠯᠢᠭ ᠢ ᠰᠣᠩᠭᠤᠵᠤ ᠴᠠᠭᠳᠠᠭ᠎ᠠ ᠶᠢᠨ ᠦᠷ᠎ᠡ ᠬᠡᠦᠬᠡᠳ ᠢ ᠬᠠᠷᠠᠵᠤ ᠬᠠᠮᠠᠭᠠᠯᠠᠬᠤ ᠴᠡᠭ ᠪᠣᠯᠭᠠᠪᠠ᠃ ᠵᠥᠪᠳᠡᠯᠴᠡᠬᠦ ᠪᠠᠷ ᠳᠠᠮᠵᠢᠨ᠂ ᠬᠠᠷᠠᠵᠤ ᠬᠠᠮᠠᠭᠠᠯᠠᠬᠤ ᠴᠡᠭ  ᠨᠢ ᠬᠠᠮᠢᠶᠠᠷᠤᠯᠲᠠ ᠰᠠᠶᠢᠨ᠂  ᠬᠠᠷᠠᠭᠠᠯᠵᠠᠬᠤ ᠳᠤ ᠲᠦᠭᠦᠮ᠂ ᠠᠮᠤᠷ ᠲᠦᠪᠰᠢᠨ᠂ ᠲᠠᠭᠠᠯᠠᠮᠵᠢᠲᠠᠶ ᠣᠷᠴᠢᠨ ᠲᠣᠭᠤᠷᠢᠨ ᠢ ᠪᠤᠢ ᠪᠤᠯᠭᠠᠬᠤ ᠶᠢ ᠪᠠᠳᠣᠯᠠᠭᠰᠠᠨ ᠪᠠᠶᠢᠨ᠎ᠠ᠃ᠲᠣᠰ ᠤᠳᠠᠭᠠᠨ ᠤ ᠨᠠᠶᠢᠳᠠᠨ ᠬᠠᠮᠢᠶᠠᠷᠤᠭᠤᠯᠬᠤ ᠲᠥᠪ ᠪᠤᠯ ᠠᠯᠪᠠᠨ ᠠᠴᠠ ᠪᠠᠶᠢᠭᠤᠯᠤᠭᠰᠠᠨ ᠨᠢᠭᠡᠴᠢ ᠪᠣᠯᠤᠨ᠎ᠠ᠂ ᠲᠤᠰᠬᠠᠶ ᠲᠤᠰᠢᠶᠠᠯᠲᠤ ᠬᠠᠮᠢᠶᠠᠷᠤᠭᠴᠢ ᠪᠠ ᠬᠢᠷᠢ ᠬᠡᠮ ᠤᠨ ᠦᠨᠡᠮᠯᠡᠯ ᠣᠯᠤᠭᠰᠠᠨ ᠲᠤᠰᠬᠠᠶ ᠮᠡᠷᠭᠡᠵᠢᠯ ᠤᠨ ᠪᠠᠭᠰᠢ   ᠲᠠᠢ᠂ ᠲᠠᠳᠠ ᠠᠷᠠᠳ ᠤᠨ ᠲᠥᠯᠥᠭᠡ  ᠲᠠᠮᠡᠴᠡᠵᠤ ᠪᠠᠶᠢᠭ᠎ᠠ ᠴᠠᠭᠳᠠᠭ᠎ᠠ ᠶᠢᠨ ᠦᠷ᠎ᠡ ᠬᠡᠦᠬᠡᠳ ᠢ ᠪᠥᠬᠦ ᠲᠠᠯ᠎ᠠ ᠪᠠᠷ ᠨᠠᠶᠢᠳᠠᠨ ᠬᠠᠮᠢᠶᠠᠷᠤᠭᠤᠯᠬᠤ ᠠᠵᠢᠯ ᠢ ᠬᠠᠷᠢᠭᠤᠴᠠᠪᠠ᠃      
     ᠡᠨᠡ ᠬᠦ ᠤᠨᠴᠠᠭᠠᠢ ᠪᠠᠶᠢᠳᠠᠯ ᠳᠤ ᠴᠠᠭᠳᠠᠭ᠎ᠠ ᠶᠢᠨ ᠦᠷ᠎ᠡ ᠬᠡᠦᠬᠡᠳ ᠢ ᠨᠠᠶᠢᠳᠠᠨ ᠬᠠᠮᠢᠶᠠᠷᠤᠭᠤᠯᠬᠤ ᠳᠤ ᠪᠠᠨ ᠪᠣᠳᠠᠲᠤ ᠪᠠᠶᠢᠳᠠᠯ ᠠᠴᠠ ᠡᠭᠦᠰᠴᠦ ᠥᠷᠭᠡᠨ ᠤᠯᠠᠨ ᠴᠠᠭᠳᠠᠭ᠎ᠠ ᠶᠢᠨ ᠵᠣᠪᠠᠨᠢᠯ ᠢ ᠰᠢᠢᠳᠪᠦᠷᠢᠯᠡᠪᠡ᠂ ᠡᠨᠡ ᠬᠦ ᠠᠷᠭ᠎ᠠ ᠬᠡᠮᠵᠢᠶ᠎ᠡ ᠨᠢ ᠮᠠᠨ ᠤ ᠲᠣᠪᠴᠢᠶᠠᠨ ᠤ ᠴᠠᠭᠳᠠᠭ᠎ᠠ ᠨᠠᠷ ᠤᠨ ᠨᠢᠭᠳᠠᠷᠠᠯ ᠢ ᠴᠢᠩᠭᠠᠷᠠᠭᠤᠯᠵᠤ᠂  ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷᠲᠤ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠣᠯᠤᠯᠲᠠ ᠶᠢᠨ ᠲᠦᠷᠦᠭᠳᠡᠯ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠠᠬᠢᠶ᠎ᠠ ᠬᠡᠦᠬᠡᠳ ᠤᠨ ᠴᠡᠴᠡᠷᠯᠢᠭ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠶᠢᠳᠠᠨ ᠬᠠᠮᠢᠶᠠᠷᠤᠭᠤᠯᠬᠤ ᠲᠦᠪ ᠤᠨ ᠴᠢᠨᠠᠷ ᠴᠢᠨᠰᠠᠭ᠎ᠠ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠴᠠᠭᠳᠠᠭ᠎ᠠ ᠶᠢᠨ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ᠂  ᠠᠵᠢᠯ ᠤᠨ ᠪᠠᠶᠢᠷᠢ ᠳᠤ ᠪᠠᠨ ᠨᠠᠩ ᠢᠳᠡᠭᠡᠯ ᠳᠦᠭᠦᠷᠡᠩ ᠲᠡᠮᠡᠴᠡᠬᠦ ᠶᠢ ᠵᠤᠷᠢᠭᠵᠢᠭᠤᠯᠵᠠᠢ᠃  ︵ᠬᠦᠪᠡᠭᠡᠲᠦ ᠰᠢᠷ᠎ᠠ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ︶
ᠢᠷᠡᠯᠲᠡ᠄ ᠲᠣᠲᠣᠷᠬᠠᠢ ᠦᠭᠡᠢ