ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠳᠤᠪᠴᠢᠶ᠎ᠠ ᠨᠢ ᠠᠮᠢᠨ ᠬᠡᠷᠡᠭ ᠡᠬᠦᠰᠬᠦ ᠶᠢ ᠰᠡᠷᠭᠡᠶᠢᠯᠡᠨ ᠡᠵᠡᠮᠳᠡᠬᠦ ︽4567︾ ᠰᠢᠨ᠎ᠠ ᠠᠵᠢᠯ ᠤᠨ ᠲᠤᠭᠳᠠᠴᠠ ᠶᠢ  ᠪᠠᠶᠢᠭᠤᠯᠪᠠ
ᠨᠡᠶᠢᠲᠡᠯᠡᠭᠰᠡᠨ ᠴᠠᠭ᠄
2021/11/17
         ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ          ᠳᠤᠪᠴᠢᠶ᠎ᠠ ᠨᠢ ᠠᠮᠢᠨ ᠬᠡᠷᠡᠭ ᠡᠬᠦᠰᠬᠦ ᠶᠢ ᠰᠡᠷᠭᠡᠶᠢᠯᠡᠨ ᠡᠵᠡᠮᠳᠡᠬᠦ          ︽4567︾ ᠰᠢᠨ᠎ᠠ ᠠᠵᠢᠯ ᠤᠨ ᠲᠤᠭᠳᠠᠴᠠ ᠶᠢ  ᠪᠠᠶᠢᠭᠤᠯᠪᠠ                        ᠤᠶᠢᠷ᠎ᠠ ᠶᠢᠨ ᠵᠢᠯ ᠳᠤ ᠡᠬᠦᠰᠥᠭᠰᠡᠨ ᠠᠮᠢᠨ ᠬᠡᠷᠡᠭ ᠵᠢᠴᠢ ᠳᠤᠭ᠎ᠠ ᠪᠠᠷᠢᠮᠳᠠ ᠶᠢ ᠵᠠᠳᠠᠯᠤᠨ ᠰᠥᠪᠡᠭᠴᠢᠯᠡᠬᠦ ᠪᠠᠷ ᠳᠠᠮᠵᠢᠨ᠂ ᠠᠮᠢᠨ ᠬᠡᠷᠡᠭ ᠡᠭᠦᠰᠥᠭᠰᠡᠨ ᠡᠬᠦᠰᠥᠯ ᠰᠢᠯᠳᠠᠭᠠᠨ᠂ ᠵᠢᠮ᠎ᠡ ᠬᠠᠤᠯᠢ ᠪᠠ ᠤᠨᠴᠠᠯᠢᠭ ᠢ ᠤᠯᠠᠮ ᠨᠢᠭᠡ ᠠᠯᠬᠤᠮ ᠮᠥᠷᠳᠡᠨ ᠰᠢᠨᠵᠢᠯᠡᠵᠦ᠂ ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠳᠤᠪᠴᠢᠶ᠎ᠠ ᠠᠴᠠ ᠠᠮᠢᠨ ᠬᠡᠷᠡᠭ ᠢ ᠰᠡᠷᠭᠡᠶᠢᠯᠡᠨ ᠡᠵᠡᠮᠲᠡᠬᠦ ᠠᠵᠢᠯ ᠤᠨ ᠵᠠᠩᠭᠢᠯᠠᠭ᠎ᠠ ᠶᠢᠨ ᠰᠡᠳᠬᠢᠮᠵᠢ ᠪᠡ ᠠᠷᠭ᠎ᠠ ᠶᠢ ᠳ᠋ᠥᠩᠨᠡᠨ ᠭᠠᠷᠭᠠᠵᠤ᠂ ︽4567︾ ᠠᠮᠢᠨ ᠬᠡᠷᠡᠭ ᠡᠬᠦᠰᠬᠦ ᠶᠢ ᠰᠡᠷᠭᠡᠶᠢᠯᠡᠨ ᠡᠵᠡᠮᠳᠡᠬᠦ ᠠᠵᠢᠯ ᠤᠨ ᠲᠤᠭᠳᠠᠴᠠ ᠶᠢ ᠪᠠᠶᠢᠭᠤᠯᠪᠠ᠃      ᠨᠢᠭᠡ᠂ ︽ᠲᠥᠷᠪᠡᠨ ᠲᠥᠷᠥᠯ︾ ᠤᠨ ᠵᠥᠷᠢᠴᠡᠯ ᠮᠦᠷᠭᠦᠯᠳᠦᠭᠡᠨ ᠳᠤ ᠠᠩᠬᠠᠷᠤᠯ ᠢᠶᠠᠨ ᠲᠥᠪᠯᠡᠷᠡᠬᠦᠯᠵᠦ᠂ ᠬᠠᠷᠢᠶᠠᠲᠣ ᠤᠷᠤᠨ ᠤ ᠠᠮᠤᠷ ᠳᠥᠪᠰᠢᠨ ᠢ  ᠪᠠᠬᠢᠵᠢᠭᠦᠯᠪᠡ᠃ ᠠᠷᠠᠳ ᠤᠨ ᠴᠠᠭᠳᠠᠭ᠎ᠠ ᠶᠢ ᠵᠤᠬᠢᠶᠠᠨ ᠪᠠᠶᠢᠭᠤᠯᠤᠨ ᠬᠠᠷᠢᠶᠠᠲᠤ ᠤᠷᠤᠨ ᠳᠤ ᠡᠬᠦᠰᠥᠭᠰᠡᠨ ᠬᠠᠶᠢᠷ᠎ᠠ ᠰᠡᠳᠬᠢᠯᠭᠡ ᠶᠢᠨ ᠵᠥᠷᠢᠴᠡᠯ᠂ ᠦᠷᠢ ᠦᠭᠴᠡᠭᠡᠨ ᠤ ᠵᠥᠷᠢᠴᠡᠯ᠂ ᠨᠤᠲᠤᠭ ᠪᠡᠯᠴᠢᠭᠡᠷ ᠤᠨ ᠵᠢᠭᠤᠷᠭᠠᠨ ︵ᠵᠠᠭᠤᠷᠠᠯᠳᠤᠭᠠᠨ︶᠂ ᠮᠠᠯ ᠠᠵᠤ ᠠᠬᠤᠢ ᠠᠵᠤ ᠠᠬᠤᠶᠢᠯᠠᠯ ᠤᠨ ᠬᠤᠭᠤᠷᠤᠨᠳᠤᠬᠢ ᠵᠢᠭᠤᠷᠭᠠᠨ ᠵᠡᠷᠭᠡ ︽ᠲᠥᠷᠪᠡᠨ ᠲᠥᠷᠥᠯ︾ ᠤᠨ ᠵᠥᠷᠢᠴᠡᠯ ᠮᠦᠷᠭᠦᠯᠳᠦᠭᠡᠨ ᠤ ᠡᠬᠢ ᠡᠬᠦᠰᠥᠯ᠂ ᠰᠢᠯᠳᠠᠭᠠᠨ ᠢ ᠨᠠᠷᠢᠨ ᠨᠢᠭᠳᠠ ᠪᠠᠶᠢᠴᠠᠭᠠᠨ ᠮᠥᠷᠲᠡᠵᠦ᠂ ᠴᠢᠬᠤᠯᠠ ᠰᠤᠷᠠᠭ ᠵᠠᠩᠬᠢ ᠶᠢ ᠴᠤᠭᠯᠠᠭᠤᠯᠣᠨ᠂ ᠮᠠᠭᠠᠳᠯᠠᠨ ᠵᠠᠳᠠᠯᠬᠤ ᠪᠠᠷ ᠳᠠᠮᠵᠢᠨ᠂ ᠵᠥᠷᠢᠴᠡᠯ ᠮᠦᠷᠭᠦᠯᠳᠦᠭᠡᠨ ᠤ ᠠᠰᠠᠭᠤᠳᠠᠯ ᠢ ᠴᠠᠭ ᠳᠤᠬᠠᠢ ᠳᠤ ᠨᠢ ᠦᠨᠲᠤᠰᠤᠨ ᠱᠠᠳᠤᠨ ᠳᠤ ᠰᠢᠢᠳᠪᠦᠷᠢᠯᠡᠵᠥ᠂ ᠰᠣᠶᠤᠭᠠᠯᠠᠯ ᠳᠤ ᠨᠢ ᠤᠰᠠᠳᠬᠠᠨ᠂ ᠠᠮᠢᠨ ᠬᠡᠷᠡᠭ ᠪᠤᠯᠵᠤ ᠬᠤᠪᠢᠷᠠᠬᠤ ᠨᠤᠷᠮ᠎ᠠ ᠶᠢ ᠪᠠᠭᠠᠰᠬᠠᠪᠠ᠃      ᠬᠤᠶᠠᠷ᠂ ︽ᠲᠠᠪᠤᠨ ᠲᠥᠷᠥᠯ︾ ᠤᠨ ᠭᠤᠤᠯᠲᠠᠯᠭ᠎ᠠ ᠲᠠᠢ ᠬᠦᠮᠦᠰ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠡᠶ᠎ᠡ ᠵᠤᠬᠢᠴᠠᠩᠭᠤᠢ ᠲᠤᠭᠳᠠᠭᠤᠨ ᠰᠡᠷᠭᠡᠶᠢᠯᠡᠯᠲᠡ ᠶᠢᠨ ᠱᠤᠭᠤᠮ ᠢ ᠴᠤᠭᠴᠠᠯᠠᠪᠠ᠃ ᠮᠠᠲᠡᠷᠡᠯ ᠤᠨ ᠡᠪᠡᠳᠴᠢᠳᠡᠨ᠂ ᠨᠡᠶᠢᠭᠡᠮ ᠲᠤᠭᠤᠷᠢᠭ ᠤᠨ ᠵᠠᠯᠠᠷᠠᠭᠤᠯᠤᠭᠴᠢ᠂ ᠬᠤᠤᠷ ᠳᠠᠲᠠᠭᠴᠢ᠂ ᠶᠠᠪᠤᠭᠤᠯ ᠬᠦᠮᠦᠨ ᠠᠮᠠ᠂ ᠠᠮᠠᠷᠬᠠᠨ ᠠᠭᠤᠷᠯᠠᠵᠤ ᠬᠢᠯᠢᠩᠨᠡᠬᠦ ᠬᠦᠴᠦᠷᠭᠡᠭᠯᠡᠯ ᠤᠨ ᠬᠡᠯᠪᠡᠷᠢᠯ ᠲᠠᠢ ᠬᠦᠮᠦᠰ ᠵᠡᠷᠭᠡ ︽ᠲᠠᠪᠤᠨ ᠲᠥᠷᠥᠯ︾ ᠤᠨ ᠭᠤᠤᠯᠲᠠᠯᠭ᠎ᠠ ᠲᠠᠢ ᠬᠦᠮᠦᠰ ᠤᠨ ᠬᠠᠮᠢᠶᠠᠷᠤᠯᠲᠠ ᠪᠠᠨ ᠪᠦᠬᠦ ᠳᠠᠯ᠎ᠠ ᠪᠠᠷ ᠴᠢᠩᠭᠠᠳᠬᠠᠵᠤ᠂ ᠡᠯ᠎ᠡ ᠲᠦᠷᠥᠯ ᠤᠨ ᠬᠠᠮᠢᠶᠠᠷᠤᠨ ᠡᠵᠡᠮᠲᠡᠬᠦ ᠲᠠᠪᠴᠠᠩ ᠪᠡ ᠬᠦᠮᠦᠨ ᠤ ᠬᠦᠴᠦᠨ ᠳᠤ ᠳᠥᠰᠢᠭᠯᠡᠨ᠂ ︽ᠲᠠᠪᠤᠨ ᠲᠥᠷᠥᠯ ᠤ ᠳᠠᠩᠰᠠ ᠡᠪᠬᠡᠮᠡᠯ︾ ᠢ ᠪᠦᠷᠢᠨᠰᠢᠬᠦᠯᠵᠦ᠂ ᠬᠦᠮᠦᠨ ᠪᠤᠯᠭᠠᠨ ᠤ ᠦᠨᠲᠤᠰᠤᠨ ᠪᠠᠶᠢᠳᠠᠯ᠂ ᠤᠯᠠ ᠮᠦᠷ ᠢ ᠰᠠᠶᠢᠨ ᠮᠡᠲᠡᠵᠦ᠂ ᠶᠠᠪᠤᠵᠦ ᠰᠠᠭᠤᠭᠰᠠᠨ ᠰᠤᠷᠠᠭ ᠵᠠᠩᠬᠢ ᠶᠢ ᠨᠠᠬᠡᠮᠵᠢᠯᠡᠨ ᠮᠦᠷᠲᠡᠵᠦ ᠲᠡᠶᠢᠯᠬᠦ ᠶᠢ ᠪᠠᠲᠤᠯᠠᠵᠤ᠂ ᠠᠮᠢᠨ ᠬᠡᠷᠡᠭ ᠡᠬᠦᠰᠬᠦ ᠶᠢ ᠤᠷᠢᠳᠴᠢᠯᠠᠨ ᠰᠡᠷᠭᠡᠶᠢᠯᠡᠭᠰᠡᠨ ᠪᠠ ᠪᠠᠭᠠᠰᠬᠠᠪᠠ᠃      ᠭᠤᠷᠪᠠ᠂ ︽ᠵᠢᠷᠭᠤᠭᠠᠨ ᠲᠥᠷᠥᠯ︾ ᠤᠨ ᠴᠢᠬᠤᠯᠠ ᠲᠠᠯᠠᠪᠤᠷ ᠳᠠᠬᠢ ᠪᠠᠶᠢᠴᠠᠭᠠᠯᠳᠠ ᠪᠠᠨ ᠬᠦᠨᠵᠡᠭᠡᠶᠢᠷᠡᠬᠦᠯᠵᠦ᠂ ᠪᠦᠬᠦ ᠲᠠᠯ᠎ᠠ ᠪᠠᠷ ᠴᠡᠭᠴᠡᠯᠡᠨ ᠵᠠᠰᠠᠬᠤ ᠬᠦᠴᠦᠯᠡᠴᠡ ᠪᠠᠨ ᠴᠢᠩᠭᠠᠳᠬᠠᠪᠠ᠃ ᠵᠤᠭ᠎ᠠ ᠴᠡᠩᠭᠡᠯ ᠤᠨ ᠭᠠᠵᠠᠷ᠂ ᠠᠷᠢᠬᠢᠨ ᠮᠤᠬᠤᠯᠠᠭ᠂ ᠬᠤᠭᠤᠯᠠᠨ ᠭᠡᠷ᠂ ᠤᠬᠢᠶᠠᠯᠭ᠎ᠠ ᠶᠢᠨ ᠲᠥᠪ᠂ ᠵᠤᠴᠢᠳ ᠤᠨ ᠪᠠᠭᠤᠳᠠᠯ᠂ ᠲᠥᠷᠢᠶᠡᠰᠤᠨ ᠭᠡᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ︽ᠵᠢᠷᠭᠤᠭᠠᠨ ᠲᠥᠷᠥᠯ︾ ᠤᠨ ᠴᠢᠬᠤᠯᠠ ᠲᠠᠯᠠᠪᠤᠷ ᠢ  ᠬᠠᠮᠢᠶᠠᠷᠤᠨ ᠡᠵᠡᠮᠳᠡᠬᠦ ᠪᠠ ᠰᠥᠯᠵᠢᠶ᠎ᠡ  ᠪᠠᠷ ᠲᠤᠭᠤᠷᠢᠨ ᠪᠠᠶᠢᠴᠠᠭᠠᠬᠤ ᠠᠷᠭ᠎ᠠ ᠪᠠᠷ ᠳᠠᠮᠵᠢᠨ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤ ᠨᠢ ᠢᠯᠡᠷᠡᠬᠦᠯᠥᠨ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠡᠬᠦᠰᠬᠦ ᠤᠷᠴᠢᠨ ᠵᠢᠴᠢ ᠨᠤᠷᠮ᠎ᠠ ᠶᠢ ᠪᠠᠭᠠᠰᠬᠠᠪᠠ᠃      ᠲᠥᠷᠪᠡ᠂ ︽ᠳᠤᠯᠤᠭᠠᠨ ᠵᠦᠢᠯ︾ ᠤᠨ ᠭᠤᠤᠯᠯᠠᠭᠴᠢ ᠬᠦᠴᠤᠨ ᠢᠶᠠᠨ ᠨᠢᠭᠳᠠᠷᠠᠭᠤᠯᠵᠤ᠂ ᠦᠨᠲᠥᠰᠥᠨ ᠱᠠᠳᠣᠨ ᠤ ᠪᠠᠶᠢᠯᠲᠤᠬᠤ ᠬᠦᠴᠦᠨ ᠢ ᠳᠡᠭᠡᠭᠰᠢᠯᠡᠭᠦᠯᠪᠡ᠃ ᠨᠠᠮ ᠤᠨ ᠬᠤᠷᠢᠶᠠᠨ ᠤ ᠤᠲᠤᠷᠢᠳᠤᠯᠭ᠎ᠠ ᠲᠤᠤᠷ᠎ᠠ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠥᠩᠬᠡᠶᠢᠯᠡᠭᠰᠡᠨ ᠴᠡᠭᠴᠡᠯᠡᠨ ᠵᠠᠰᠠᠬᠤ ᠳᠤᠭᠳᠠᠴᠠ  ᠶᠢᠨ ᠦᠢᠯᠡᠲᠥᠯ ᠢ ᠪᠠᠲᠠᠷᠠᠭᠤᠯᠬᠤ ᠶᠢ ᠪᠠᠷᠢᠮᠲᠠᠯᠠᠨ᠂ ᠲᠤᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ᠂ ᠰᠤᠮᠤ ᠪᠠᠯᠭᠠᠰᠤᠨ ᠤ ᠣᠯᠣᠰ ᠲᠥᠷᠥ ᠬᠠᠤᠯᠢ ᠴᠠᠭᠠᠵᠠ ᠶᠢᠨ ᠴᠠᠭᠳᠠᠭ᠎ᠠ᠂ ᠭᠠᠴᠠᠭᠠᠨ ᠤ ᠴᠠᠭᠳᠠᠭᠠᠨ ᠶᠠᠪᠤᠲᠠᠯ ᠤᠨ ᠳᠤᠰᠠᠯᠠᠭᠴᠢ᠂ ᠨᠠᠮ ᠤᠨ ᠬᠡᠰᠢᠬᠦᠨ ᠤ ᠭᠤᠤᠯᠳᠠᠯᠭᠠᠲᠤ ᠡᠷᠥᠭᠡ᠂ ᠨᠡᠶᠢᠭᠡᠮ ᠳᠤᠭᠤᠷᠢᠭ ᠤᠨ ᠠᠵᠢᠯᠲᠠᠨ᠂ ᠬᠠᠮᠲᠤᠷᠡᠨ ᠰᠡᠷᠭᠡᠶᠢᠯᠡᠬᠦ ᠠᠩᠬᠢ ᠶᠢᠨ ᠬᠡᠰᠢᠬᠦᠨ ᠵᠡᠷᠭᠡ ︽ᠳᠤᠯᠤᠭᠠᠨ ᠵᠦᠢᠯ︾ ᠤᠨ ᠭᠤᠤᠯᠯᠠᠭᠴᠢ ᠬᠦᠴᠤᠨ ᠢ ᠳᠠᠶᠢᠴᠢᠯᠠᠨ᠂ ᠠᠮᠢᠨ ᠭᠡᠷᠡᠭ ᠡᠬᠦᠰᠬᠦ  ᠶᠢ ᠰᠡᠷᠭᠡᠶᠢᠯᠡᠨ ᠡᠵᠡᠮᠲᠡᠬᠦ ᠰᠢᠰᠲ᠋ᠧᠮᠵᠢ ᠶᠢᠨ ᠪᠠᠶᠢᠭᠤᠯᠤᠯᠳᠠ ᠳᠤ ᠨᠡᠶᠢᠭᠡᠮ ᠤᠨ ᠤᠯᠠᠨ ᠳᠠᠯ᠎ᠠ ᠶᠢᠨ ᠬᠢᠨ ᠢᠳᠡᠪᠬᠢᠲᠠᠢ ᠤᠷᠤᠯᠴᠠᠵᠤ᠂ ᠬᠠᠷᠢᠯᠴᠠᠨ ᠬᠠᠮᠳᠣᠷᠠᠯᠴᠠᠨ᠂ ᠠᠮᠢᠨ ᠭᠡᠷᠡᠭ ᠡᠬᠦᠰᠬᠦ ᠶᠢ ᠰᠡᠷᠭᠡᠶᠢᠯᠡᠨ ᠡᠵᠡᠮᠲᠡᠬᠦ ᠰᠠᠭᠤᠷᠢ ᠬᠦᠴᠦᠨ ᠢᠶᠠᠨ ᠬᠦᠴᠦᠷᠭᠡᠭᠵᠢᠬᠦᠯᠵᠥ᠂ ᠴᠠᠭᠳᠠᠭᠠᠨ ᠬᠦᠴᠦᠨ ᠤ ᠬᠠᠷᠢᠴᠠᠩᠭᠤᠢ ᠬᠦᠷᠥᠯᠴᠡᠬᠦ ᠦᠭᠡᠢ  ᠪᠠᠶᠢᠭ᠎ᠠ ᠪᠡᠶᠢᠳᠠᠯ ᠢ ᠨᠦᠬᠦᠪᠦᠷᠢᠯᠡᠪᠡ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ