ᠠᠪᠠᠭ᠎ᠠ ᠬᠤᠰᠢᠭᠤᠨ ᠤ ᠡᠮᠴᠢ᠂ ᠴᠠᠭᠳᠠᠭ᠎ᠠ ᠨᠠᠷ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠡᠵᠡᠮᠳᠡᠬᠦ ᠡᠮᠦᠨ᠎ᠡ ᠹᠷᠤᠨᠲ ᠲᠤ ᠡᠷᠡᠮᠡᠭᠡᠶᠢᠯᠡᠨ ᠠᠵᠢᠯᠯᠠᠪᠠ
ᠨᠡᠶᠢᠲᠡᠯᠡᠭᠰᠡᠨ ᠴᠠᠭ᠄
2021/11/17
         ᠠᠪᠠᠭ᠎ᠠ ᠬᠤᠰᠢᠭᠤᠨ ᠤ ᠡᠮᠴᠢ᠂ ᠴᠠᠭᠳᠠᠭ᠎ᠠ ᠨᠠᠷ ᠡᠷᠢᠶᠡᠨ ᠬᠤᠳᠠ ᠶᠢᠨ          ᠬᠢᠵᠢᠭ ᠤᠨ ᠪᠠᠶᠢᠳᠠᠯ ᠢ ᠡᠵᠡᠮᠳᠡᠬᠦ ᠡᠮᠦᠨ᠎ᠡ ᠹᠷᠤᠨᠲ ᠲᠤ ᠡᠷᠡᠮᠡᠭᠡᠶᠢᠯᠡᠨ ᠠᠵᠢᠯᠯᠠᠪᠠ                      ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠷᠢᠶᠡᠨ ᠬᠤᠲᠠ ᠳᠤ ᠬᠡᠨᠡᠳᠳᠡ ᠪᠠᠷ ᠡᠬᠦᠰᠴᠦ᠂ 10 ᠳ᠋ᠤᠭᠠᠷ ᠰᠠᠷ᠎ᠠ ᠶᠢᠨ 14 ᠤ ᠡᠳᠦᠷ ᠪᠦᠬᠦ ᠬᠤᠲᠠ ᠶᠢᠨ ᠠᠷᠠᠳ ᠲᠤ ᠪᠥᠭᠡᠮ ᠬᠦᠴᠢᠯ ᠤᠨ ᠪᠠᠶᠢᠴᠠᠭᠠᠨ ᠰᠢᠯᠭᠠᠯᠳᠠ ᠬᠢᠵᠦ ᠡᠬᠢᠯᠡᠭᠰᠡᠨ ᠪᠠᠶᠢᠳᠠᠯ ᠲᠤᠤᠷ᠎ᠠ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠬᠦ ᠶᠢᠨ ᠲᠥᠯᠥᠭᠡ ᠮᠠᠨ ᠤ ᠬᠤᠰᠢᠭᠤᠨ ᠤ  ᠡᠮ ᠡᠮᠨᠡᠯᠭᠡ ᠡᠷᠡᠬᠦᠯ ᠬᠠᠮᠠᠭᠠᠯᠠᠯ ᠤᠨ 8 ᠠᠵᠢᠯᠳᠠᠨ ᠪᠤᠯᠤᠨ 10 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠤᠷᠢᠳ ᠬᠤᠵᠢᠳ ᠡᠷᠢᠶᠠᠨ ᠬᠤᠳᠠ ᠳᠤ ᠬᠦᠷᠴᠦ᠂ ᠬᠢᠵᠢᠭ ᠤᠨ ᠪᠠᠶᠢᠳᠠᠯ ᠢ ᠡᠵᠡᠮᠳᠡᠬᠦ ᠡᠮᠦᠨ᠎ᠡ ᠹᠷᠤᠨᠲ ᠲᠤ ᠭᠠᠪᠰᠢᠭᠠᠶᠢᠯᠠᠪᠠ᠃      ᠡᠶᠢᠨᠬᠦ 10 ᠳ᠋ᠤᠭᠠᠷ ᠰᠠᠷ᠎ᠠ ᠶᠢᠨ 14 ᠤ ᠡᠳᠦᠷ ᠠᠴᠠ ᠡᠬᠢᠯᠡᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠳᠳᠡᠷ ᠲᠦᠷᠭᠡᠨ ᠵᠤᠬᠢᠶᠠᠨ ᠪᠠᠶᠢᠭᠤᠯᠤᠨ ᠪᠠᠶᠢᠷᠢᠯᠠᠭᠤᠯᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠪᠡᠯᠬᠦᠳᠡᠢ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 4 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠠᠵᠢᠯᠲᠠᠨ 5᠂  ᠲᠠᠬᠤᠯ ᠡᠪᠡᠳᠴᠢᠨ ᠤ ᠪᠠᠶᠢᠴᠠᠭᠠᠯᠳᠠ ᠶᠢᠨ ᠠᠵᠢᠯᠲᠠᠨ 3 ᠵᠢᠴᠢ 1 ᠲᠦᠷᠭᠡᠨ ᠠᠪᠤᠷᠠᠯᠳᠠ ᠶᠢᠨ ᠲᠡᠷᠭᠡ ᠤᠷᠢᠳ ᠬᠤᠵᠢᠳ ᠡᠷᠢᠶᠡᠨ ᠬᠤᠲᠠ ᠳᠤ ᠬᠦᠷᠴᠦ᠂ ᠲᠤᠬᠠᠶ ᠶᠢᠨ ᠭᠠᠵᠠᠷ ᠤᠨ ᠡᠮᠨᠡᠯᠭᠡ ᠶᠢᠨ ᠠᠵᠢᠯᠲᠠᠨ ᠢ ᠬᠠᠪᠰᠤᠷᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠳᠤ ᠣᠷᠤᠯᠴᠠᠪᠠ᠃ 10 ᠳ᠋ᠤᠭᠠᠷ ᠰᠠᠷ᠎ᠠ ᠶᠢᠨ 19 ᠤ ᠡᠳᠦᠷ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠪᠠᠴᠢᠮ ᠤᠷᠢᠶᠠᠯᠠᠭ᠎ᠠ ᠶᠢ  ᠴᠤᠤᠷᠢᠶᠠᠳᠤᠨ᠂ 10 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ — ᠡᠷᠢᠶᠠᠨ ᠬᠤᠳᠠ ᠳᠤ ᠬᠦᠷᠴᠦ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ  ᠭᠠᠪᠰᠢᠭᠠᠶᠢᠯᠠᠪᠠ᠃      
     ᠣᠶᠢᠯᠠᠭᠠᠭᠰᠠᠨ ᠢᠶᠠᠷ᠂ ᠠᠪᠠᠭ᠎ᠠ ᠬᠤᠰᠢᠭᠤᠨ ᠤ ᠡᠮᠴᠢ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠡᠷᠢᠶᠠᠨ ᠬᠤᠳᠠ ᠳᠠᠬᠢ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ᠂ ᠡᠷᠢᠶᠡᠨ ᠬᠤᠲᠠ ᠶᠢᠨ ᠡᠮᠴᠢ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠨᠠᠷ ᠲᠠᠢ ᠮᠥᠷᠥ ᠵᠡᠷᠭᠡᠴᠡᠨ ᠲᠡᠮᠡᠴᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠥᠷᠭᠡᠨ ᠣᠯᠠᠨ ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ ᠠᠵᠢᠯᠲᠠᠨ ᠪᠠ ᠬᠥᠷᠰᠢ ᠵᠡᠷᠭᠡᠯᠡᠳᠡᠭᠡ ᠶᠢᠨ ᠣᠯᠠᠨ ᠲᠦᠮᠡᠨ ᠲᠠᠢ ᠬᠢᠵᠢᠭ ᠰᠡᠷᠭᠡᠶᠢᠯᠡᠬᠦ ᠪᠠᠲᠤ ᠪᠠᠬᠢ ᠹᠷᠣᠨᠲ ᠢ ᠪᠠᠶᠢᠭᠤᠯᠵᠤ᠂ ᠨᠠᠮ ᠤᠨ ᠲᠤᠭ ᠲᠤ ᠬᠡᠷᠡᠯ ᠭᠢᠯᠪᠠᠭ᠎ᠠ ᠨᠡᠮᠡᠷᠢᠯᠡᠵᠦ᠂ ᠴᠠᠭᠳᠠᠭᠠᠨ ᠤ ᠰᠦᠯᠳᠡ ᠳᠤ ᠬᠡᠷᠡᠯ ᠭᠢᠯᠪᠠᠭ᠎ᠠ ᠨᠡᠮᠡᠷᠢᠯᠡᠨ᠎ᠡ︕ ᠲᠡᠳᠡ᠄ ︽ᠪᠢᠳᠡ ᠪᠦᠬᠦ ᠬᠦᠴᠦᠨ ᠢᠶᠠᠷ ᠢᠶᠠᠨ ᠡᠷᠡᠯᠬᠡᠭᠯᠡᠨ ᠲᠡᠮᠡᠴᠡᠵᠦ᠂ ᠡᠭᠦᠷᠭᠡ ᠬᠠᠷᠢᠭᠤᠴᠠᠯᠭ᠎ᠠ ᠳᠤ ᠪᠠᠨ ᠤᠰᠤᠯᠳᠠᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠮᠦᠨ᠎ᠡ ᠨᠢ ᠭᠠᠪᠰᠢᠭᠠᠶᠢᠯᠠᠵᠤ᠂ ᠢᠮᠠᠭᠲᠠ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠨᠠᠮ ᠤᠨ ᠲᠤᠭ ᠢ ᠥᠨᠳᠥᠷ ᠨᠠᠮᠢᠷᠠᠭᠤᠯᠵᠤ᠂ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ ᠪᠦᠬᠦ ᠬᠦᠴᠦᠨ ᠴᠢᠳᠠᠯ ᠢᠶᠠᠨ ᠡᠷᠭᠦᠨ᠎ᠡ︾ ᠬᠡᠮᠡᠨ ᠰᠡᠳᠬᠢᠯ ᠨᠢᠭᠡᠳᠠᠢ ᠢᠯᠡᠷᠬᠡᠶᠢᠯᠡᠵᠡᠭᠡᠪᠡ᠃ ︵ᠠᠪᠠᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ   ᠮᠦᠩᠬᠡᠨᠠᠰᠣᠨ ᠮᠡᠳᠡᠬᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ