ᠰᠥᠨᠢᠳ ᠵᠡᠬᠦᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠤᠪᠴᠢᠶ᠎ᠠ ᠨᠢ ᠰᠥᠯᠵᠢᠶᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/11/17
         ᠰᠥᠨᠢᠳ ᠵᠡᠬᠦᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠤᠪᠴᠢᠶ᠎ᠠ ᠨᠢ          ᠰᠥᠯᠵᠢᠶᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ                                ᠰᠥᠯᠵᠢᠶᠡᠨ ᠤ ᠠᠮᠤᠷ ᠲᠥᠪᠰᠢᠨ ᠤ ᠤᠬᠠᠮᠰᠠᠷ ᠢᠶᠠᠨ ᠴᠢᠩᠭᠠᠳᠬᠠᠬᠤ᠂ ᠰᠥᠯᠵᠢᠶᠡᠨ ᠤ ᠠᠮᠤᠷ ᠲᠥᠪᠰᠢᠨ ᠤ ᠮᠡᠳᠡᠯᠭᠡ ᠶᠢ ᠲᠦᠭᠡᠮᠡᠯᠵᠢᠭᠦᠯᠬᠦ᠂ ᠰᠥᠯᠵᠢᠶᠡᠨ  ᠤ ᠠᠮᠤᠷ ᠲᠥᠪᠰᠢᠨ ᠤ ᠴᠢᠳᠠᠪᠬᠢ ᠪᠠᠨ ᠳᠡᠭᠡᠭᠰᠢᠯᠡᠭᠦᠯᠬᠦ᠂ ᠪᠦᠬᠦ ᠨᠡᠶᠢᠭᠡᠮ ᠢᠶᠠᠷ ᠢᠶᠠᠨ ᠰᠥᠯᠵᠢᠶᠡᠨ ᠤ ᠠᠮᠤᠷ ᠳᠥᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠬᠦ ᠶᠢᠨ ᠲᠦᠯᠦᠭᠡ᠂  ᠤᠶᠢᠷ᠎ᠠ ᠳᠤ᠂ ᠰᠥᠨᠢᠳ ᠵᠡᠬᠦᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠤᠪᠴᠢᠶ᠎ᠠ ᠨᠢ  ᠪᠦᠬᠦ ᠠᠷᠠᠳ ᠤᠨ ᠴᠠᠭᠳᠠᠭ᠎ᠠ  ᠪᠠᠨ ᠵᠤᠬᠢᠶᠠᠨ ᠪᠠᠶᠢᠭᠤᠯᠤᠨ ᠮᠠᠨᠲᠤᠯᠲᠤ ᠪᠠᠯᠭᠠᠰᠤᠨ ᠤ ᠡᠯ᠎ᠡ ᠰᠠᠭᠤᠭᠠᠯᠢ ᠲᠣᠭᠤᠷᠢᠭ ᠲᠤ ᠬᠦᠨᠵᠡᠭᠡᠶᠢᠷᠡᠨ ︽ᠰᠥᠯᠵᠢᠶᠡᠨ ᠤ ᠠᠮᠤᠷ ᠲᠥᠪᠰᠢᠨ ᠨᠢ ᠠᠷᠠᠳ ᠲᠥᠮᠡᠨ  ᠤ ᠲᠥᠯᠥᠭᠡ ᠮᠥᠷᠲᠡᠭᠡᠨ ᠠᠷᠠᠳ ᠲᠥᠮᠡᠨ ᠳᠤ ᠳᠦᠰᠢᠭᠯᠡᠬᠦ︾ ᠬᠡᠬᠦ ᠭᠤᠤᠯ ᠰᠡᠳᠤᠪᠳᠤ ᠰᠥᠯᠵᠢᠶᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ᠃        
     ᠤᠬᠠᠭᠤᠯᠭ᠎ᠠ ᠶᠢᠨ ᠠᠵᠢᠯᠯᠠᠭᠠᠨ ᠤ ᠶᠠᠪᠤᠴᠠ ᠳᠤ᠂  ᠠᠷᠠᠳ ᠤᠨ ᠴᠠᠭᠳᠠᠭ᠎ᠠ ᠠᠴᠠ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠬᠤ᠂ ᠲᠠᠶᠢᠯᠤᠮᠵᠢ ᠬᠢᠬᠦ ᠵᠡᠷᠭᠡ ᠠᠷᠭ᠎ᠠ ᠪᠠᠷᠢᠯ ᠢᠶᠠᠷ ᠠᠵᠢᠯ ᠠᠮᠢᠲᠤᠷᠠᠯ ᠤᠨ ᠲᠤᠮᠳᠠ ᠤᠷᠤᠰᠢᠬᠤ ᠪᠠᠶᠢᠭ᠎ᠠ ᠰᠦᠯᠵᠢᠶᠡᠨ ᠤ ᠴᠤᠤᠷᠬᠠᠯ᠂ ᠴᠠᠬᠢᠯᠭᠠᠨ ᠬᠤᠯᠪᠤᠭᠠᠨ ᠤ ᠮᠡᠭᠡᠯᠡᠯ᠂  ᠰᠦᠯᠵᠢᠶᠡᠨ ᠳᠠᠬᠢ ᠮᠦᠷᠦᠢ ᠲᠤᠭᠯᠠᠭᠠᠮ᠂ ᠬᠤᠤᠷᠲᠤ ᠡᠳ᠋ ᠵᠢᠴᠢ  ᠲᠡᠲᠡᠭᠡᠷ ᠤᠨ ᠬᠤᠤᠷ ᠬᠦᠨᠦᠭᠡᠯ ᠢ ᠠᠮᠢᠲᠤᠯᠢᠭ ᠣᠶᠢᠯᠠᠭᠠᠮᠵᠢᠲᠠᠢ ᠪᠠᠷ ᠤᠯᠠᠨ ᠲᠥᠮᠡᠨ  ᠳᠤ ᠲᠠᠶᠢᠯᠪᠤᠷᠢᠯᠠᠨ ᠥᠭᠴᠦ᠂ ᠡᠷᠡᠬᠦᠯ  ᠪᠤᠯᠪᠠᠰᠤᠨ ᠢᠶᠠᠷ ᠰᠥᠯᠵᠢᠶᠡᠨ ᠳᠤ ᠭᠠᠷᠬᠤ ᠶᠢ ᠰᠠᠨᠠᠭᠠᠴᠢᠯᠠᠵᠤ᠂  ᠲᠤᠬᠠᠢ ᠶᠢᠨ ᠲᠠᠯᠠᠪᠤᠷ ᠲᠤ ᠪᠠᠶᠢᠭᠰᠠᠨ ᠤᠯᠠᠨ ᠲᠥᠮᠡᠨ  ᠢ ᠬᠠᠪᠰᠣᠷᠣᠨ ᠤᠯᠤᠰ ᠤᠨ ᠴᠠᠬᠢᠯᠭᠠᠨ ᠬᠤᠯᠪᠤᠭ᠎ᠠ ᠰᠥᠯᠵᠢᠶᠡᠨ ᠤ ᠮᠡᠭᠡᠯᠡᠯ ᠢ ᠡᠰᠡᠷᠬᠦᠴᠡᠬᠦ APP ᠪᠠᠭᠤᠯᠭᠠᠨ ᠳᠠᠩᠰᠠᠯᠠᠬᠤ ᠶᠢᠨ ᠳᠠᠭᠠᠤ ᠳᠤ ᠤᠶᠢᠷ᠎ᠠ ᠬᠠᠪᠢ  ᠶᠢᠨ ᠬᠦᠮᠦᠰ ᠲᠤ ᠪᠠᠨ ᠪᠠᠰᠠ ᠳᠣᠰ APP ᠶᠢ ᠭᠠᠷ ᠤᠲᠠᠰᠤᠨ ᠳᠤ ᠪᠠᠨ ᠪᠠᠭᠤᠯᠭᠠᠵᠤ ᠳᠠᠩᠰᠠᠯᠠᠬᠤ ᠶᠢ ᠤᠷᠢᠶᠠᠯᠠᠵᠤ᠂ ᠲᠡᠲᠡᠨ ᠤ ᠴᠠᠬᠢᠯᠭᠠᠨ ᠬᠤᠯᠪᠤᠭᠠᠨ ᠤ ᠮᠡᠭᠡᠯᠡᠯ ᠢ ᠰᠡᠷᠭᠡᠶᠢᠯᠡᠬᠦ ᠤᠬᠠᠮᠰᠠᠷ ᠢ ᠣᠯᠠᠮ ᠨᠢᠭᠡ ᠠᠯᠬᠤᠮ ᠴᠢᠩᠭᠠᠳᠬᠠᠭᠰᠠᠨ ᠪᠠᠷᠠᠬᠤ ᠦᠭᠡᠢ ᠡᠯ᠎ᠡ ᠵᠦᠢᠯ ᠤᠨ ᠮᠡᠭᠡᠯᠡᠯ ᠢ ᠡᠰᠡᠷᠬᠦᠴᠡᠬᠦ ᠳᠤ ᠪᠠᠲᠤ ᠪᠠᠬᠢ ᠰᠠᠭᠤᠷᠢ  ᠶᠢ ᠳᠠᠯᠪᠢᠵᠤ ᠥᠭᠪᠡ᠃ ︵ᠰᠦᠨᠢᠳ ᠵᠡᠬᠦᠨ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠤᠶᠠᠰᠣᠨ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ