ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/17
         ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ          ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ      10 ᠳ᠋ᠤᠭᠠᠷ ᠰᠠᠷ᠎ᠠ ᠶᠢᠨ 31 ᠤ ᠡᠳᠦᠷ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠪᠠᠬᠢᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠮᠠᠰᠢᠨ ᠲᠡᠷᠭᠡᠨ ᠤ ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ᠂ ᠨᠠᠮᠤᠷ ᠤᠨ ᠤᠯᠠᠷᠢᠯ ᠤᠨ ᠡᠯ᠎ᠡ ᠲᠥᠷᠥᠯ ᠤᠨ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠬᠠᠷᠢᠶ᠎ᠠ ᠣᠷᠣᠨ ᠤ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠭᠡᠬᠦ ᠰᠡᠳᠦᠪᠳᠦ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠤᠠᠭᠤᠯᠭ᠎ᠠ ᠶᠢᠨ ᠠᠵᠢᠯᠯᠠᠭ᠎ᠠ ᠠᠵᠢᠯᠯᠠᠭ᠎ᠠ ᠥᠷᠨᠢᠭᠦᠯᠪᠡ᠃      
     ᠶᠡᠭᠡ ᠠᠩᠭᠢ ᠨᠢ ᠬᠠᠷᠢᠶᠠᠲᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠪᠣᠳᠠᠲᠤ ᠪᠠᠶᠢᠳᠠᠯ ᠢ ᠦᠨᠳᠦᠰᠦᠯᠡᠵᠤ ᠨᠠᠮᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠭᠠᠳᠠᠭᠰᠢ ᠭᠠᠷᠬᠤ ᠣᠨᠴᠠᠯᠢᠭ ᠲᠠᠢ ᠤᠶᠠᠯᠳᠤᠭᠤᠯᠤᠨ ︽ᠠᠶᠤᠯ ᠢ ᠮᠡᠳᠡᠪᠡᠯ ᠠᠶᠤᠯ ᠠᠴᠠ ᠵᠠᠶᠢᠯᠠᠬᠤ︾᠂ ︽ᠠᠮᠣᠷ ᠲᠦᠪᠰᠢᠨ ᠤ ᠳᠤᠭᠤᠯᠠᠭ᠎ᠠ ᠠᠶᠣᠯᠬᠦᠢ ᠶᠢᠨ ᠪᠦᠰᠡ︾᠂ ︽ᠠᠷᠢᠬᠢᠨ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠶᠢ ᠴᠠᠭᠠᠵᠠᠯᠠᠬᠤ︾ ᠵᠡᠷᠭᠡ ᠠᠭᠤᠯᠭ᠎ᠠ ᠪᠠᠷ ᠭᠤᠤᠯᠳᠠᠯᠭ᠎ᠠ ᠪᠤᠯᠭᠠᠨ ᠤᠬᠠᠭᠤᠯᠬᠤ ᠮᠠᠲ᠋ᠧᠷᠢᠶᠠᠯ ᠲᠠᠷᠬᠠᠭᠠᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠪᠤᠷᠢᠯᠠᠭᠰᠠᠨ ᠪᠦᠭᠡᠳ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠡᠷᠬᠢᠨ ᠰᠡᠷᠭᠡᠶᠢᠯᠡᠬᠦ ᠦᠨᠳᠦᠰᠦᠨ ᠮᠡᠳᠡᠯᠭᠡ ᠵᠢᠴᠢ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ  ᠶᠢᠨ ᠠᠶᠤᠯ ᠲᠠᠢ ᠲᠠᠯ᠎ᠠ ᠳᠤ ᠵᠠᠳᠠᠯᠤᠯᠲᠠ ᠬᠢᠵᠦ ᠥᠭᠭᠦᠭᠰᠡᠨ ᠪᠠᠶᠢᠪᠠ᠃ ᠠᠶᠠᠨᠴᠢᠨ ᠪᠠ ᠪᠠᠷᠠᠭ᠎ᠠ ᠶᠢ ᠬᠤᠯᠢᠯᠳᠤᠭᠤᠯᠤᠨ ᠵᠥᠭᠡᠭᠡᠪᠦᠷᠢᠯᠡᠬᠦ᠂ ᠤᠯᠠᠭᠠᠨ ᠳ᠋ᠧᠩ ᠢ ᠳᠠᠭᠠᠷᠢᠬᠤ᠂ ᠮᠣᠲ᠋ᠣᠷ ᠪᠠ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠪᠠᠨ ᠠᠮᠤᠷ ᠲᠦᠪᠰᠢᠨ ᠤ ᠮᠠᠯᠠᠭᠠᠢ ᠵᠡᠭᠦᠬᠦ ᠦᠭᠡᠢ᠂ ᠲᠡᠷᠭᠡᠨ ᠳᠤ ᠰᠠᠭᠤᠬᠤ ᠦᠶᠡᠰ ᠠᠶᠤᠯ ᠦᠭᠡᠢ ᠪᠦᠰᠡ ᠪᠠᠨ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ ᠤ ᠦᠢᠯᠡ ᠠᠵᠢᠯᠯᠠᠭ᠎ᠠ ᠶᠢᠨ ᠳᠠᠯᠳᠠ ᠠᠶᠤᠯᠲᠤ ᠴᠢᠨᠠᠷ᠂ ᠬᠦᠨᠦᠭᠡᠯᠳᠦ ᠴᠢᠨᠠᠷ ᠪᠠ ᠬᠠᠤᠯᠢ ᠴᠠᠭᠠᠵᠠ ᠶᠢᠨ ᠦᠷ᠎ᠡ ᠳ᠋ᠦᠩ ᠢ ᠨᠠᠷᠢᠨ ᠨᠢᠮᠪᠠᠢ ᠶᠠᠷᠢᠨ ᠥᠭᠴᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠬᠢᠨ ᠬᠤᠷᠢᠭᠯᠠᠬᠤ᠂ ᠬᠡᠷᠬᠢᠨ ᠪᠣᠯᠪᠠᠰᠤᠨ ᠵᠠᠮ ᠬᠠᠷᠢᠯᠴᠠᠭᠠᠨ ᠤ ᠣᠷᠣᠯᠴᠠᠭᠴᠢ ᠪᠤᠯᠬᠤ᠂ ᠦᠢᠯᠡᠳᠦᠯᠭᠡᠵᠢᠭᠦᠯᠦᠭᠴᠢ ᠪᠤᠯᠬᠤ ᠪᠠ ᠵᠠᠮ ᠬᠠᠷᠢᠯᠴᠠᠭᠠᠨ ᠤ ᠠᠳᠡᠯ ᠭᠠᠷᠬᠤ ᠶᠢ ᠬᠡᠷᠬᠢᠨ ᠪᠦᠲᠦᠮᠵᠢᠲᠡᠶ ᠰᠡᠷᠭᠡᠶᠢᠯᠡᠬᠦ ᠶᠢ ᠪᠥᠬᠦ ᠲᠠᠯ᠎ᠠ ᠪᠠᠷ ᠤᠬᠠᠭᠤᠯᠪᠠ᠃ ︵ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ