ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠬᠠᠬᠢᠷ ᠬᠦᠢᠲᠡᠨ ᠴᠠᠰᠤ ᠰᠢᠭᠤᠷᠭ᠎ᠠ ᠲᠠᠢ ᠲᠡᠮᠡᠴᠡᠵᠦ ᠥᠷᠭᠡᠨ ᠤᠯᠠᠨ ᠤ ᠠᠮᠤᠷ ᠲᠦᠪᠰᠢᠨ ᠠᠶᠤᠯ ᠦᠭᠡᠢ ᠪᠠᠶᠢᠬᠤ ᠶᠢ ᠦᠨᠡᠨ ᠬᠦ ᠪᠠᠳᠤᠯᠠᠪᠠ
ᠨᠡᠶᠢᠲᠡᠯᠡᠭᠰᠡᠨ ᠴᠠᠭ᠄
2021/11/17
         ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶᠠᠨ ᠤ ᠵᠠᠮ          ᠬᠠᠷᠢᠯᠴᠠᠭᠠᠨ ᠤ ᠴᠠᠭᠳᠠᠭ᠎ᠠ ᠬᠠᠬᠢᠷ ᠬᠦᠢᠲᠡᠨ ᠴᠠᠰᠤ ᠰᠢᠭᠤᠷᠭ᠎ᠠ ᠲᠠᠢ ᠲᠡᠮᠡᠴᠡᠵᠦ          ᠥᠷᠭᠡᠨ ᠤᠯᠠᠨ ᠤ ᠠᠮᠤᠷ ᠲᠦᠪᠰᠢᠨ ᠠᠶᠤᠯ ᠦᠭᠡᠢ ᠪᠠᠶᠢᠬᠤ ᠶᠢ ᠦᠨᠡᠨ ᠬᠦ ᠪᠠᠳᠤᠯᠠᠪᠠ           ᠲᠣᠰ ᠤᠳᠠᠭᠠᠨ ᠤ ᠬᠦᠢᠳᠡᠨ ᠤᠷᠤᠰᠬᠠᠯ ᠤᠨ ᠨᠥᠯᠥᠭᠡ ᠪᠠᠷ᠂ 11 ᠳ᠋ᠦ᠋ᠭᠡᠷ ᠰᠠᠷ᠎ᠠ ᠶᠢᠨ 6 ᠤ ᠡᠳᠦᠷ ᠠᠴᠠ ᠡᠬᠢᠯᠡᠨ᠂ ᠤᠯᠠᠭᠠᠨᠬᠠᠳᠠ ᠶᠢᠨ ᠪᠥᠬᠦ ᠬᠤᠲᠠ ᠶᠢᠨ ᠬᠡᠪᠴᠢᠶᠡᠨ ᠳᠤ ᠵᠠᠯᠭᠠᠭ᠎ᠠ ᠪᠠᠷ ᠴᠠᠰᠤ ᠣᠷᠣᠵᠤ ᠬᠦᠢᠳᠡᠷᠡᠵᠦ᠂ ᠶᠡᠭᠡ ᠰᠠᠯᠬᠢ ᠰᠠᠯᠬᠢᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠮᠠᠰᠢ ᠶᠡᠭᠡ ᠰᠢᠯᠭᠠᠯᠲᠠ ᠳᠤ  ᠲᠤᠯᠭᠠᠷᠠᠪᠠ᠃ ᠴᠠᠰᠤ ᠣᠷᠣᠭᠰᠠᠨ ᠠᠴᠠ ᠪᠣᠯᠤᠭᠰᠠᠨ ᠮᠠᠭᠤ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠵᠠᠮ ᠤᠨ ᠭᠠᠳᠠᠷᠭᠤ ᠴᠠᠰᠤ ᠮᠥᠰᠥ ᠬᠥᠯᠳᠡᠭᠰᠡᠨ ᠨᠢ ᠵᠠᠮ ᠬᠠᠷᠢᠯᠴᠠᠭᠠᠨ ᠤ ᠠᠮᠤᠷ ᠲᠦᠪᠰᠢᠨ ᠳᠤ ᠲᠥᠢᠯ ᠤᠨ ᠶᠡᠭᠡ ᠳᠠᠯᠳᠠ ᠭᠡᠮ ᠠᠪᠴᠢᠷᠠᠵᠤ ᠥᠭᠪᠡ᠃ ᠮᠠᠭᠤ ᠠᠭᠤᠷ ᠠᠮᠢᠰᠬᠤᠯ ᠠᠴᠠ ᠪᠣᠯᠤᠭᠰᠠᠨ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠤᠷᠢᠳᠴᠢᠯᠠᠨ ᠰᠡᠷᠭᠡᠢᠯᠡᠬᠦ ᠪᠠ ᠴᠠᠭ ᠲᠤᠬᠠᠶ ᠳᠤ ᠨᠢ ᠠᠷᠭᠠᠴᠠᠬᠤ᠂ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠠᠭᠠᠨᠬᠠᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠴᠠᠰᠤ ᠪᠠᠷ ᠵᠠᠷᠯᠢᠭ ᠪᠣᠯᠭᠠᠵᠤ᠂ ᠮᠠᠭᠤ ᠠᠭᠤᠷ ᠠᠮᠢᠰᠬᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠠᠮ ᠳᠡᠭᠡᠷ᠎ᠡ ᠭᠠᠷᠴᠤ ᠵᠢᠵᠢᠭᠦᠷᠯᠡᠨ᠂ ᠴᠠᠰᠤ ᠲᠠᠢ ᠵᠠᠮ ᠤᠨ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠨᠢᠭᠡᠨ ᠰᠠᠶᠢᠨ ᠰᠠᠶᠢᠬᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃    
     11 ᠳ᠋ᠦ᠋ᠭᠡᠷ ᠰᠠᠷ᠎ᠠ ᠶᠢᠨ 7 ᠤ ᠦᠳᠡ ᠶᠢᠨ ᠬᠤᠶᠢᠨ᠎ᠠ ᠶᠢᠨ 5 ᠴᠠᠭ ᠪᠣᠯᠲᠠᠯ᠎ᠠ᠂ ᠪᠥᠬᠦ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯ᠎ᠡ ᠶᠡᠭᠡ ᠠᠩᠭᠢ ᠨᠡᠶᠢᠲᠡ 1395 ᠬᠥᠮᠦᠨ ᠤᠳᠠᠭ᠎ᠠ᠂ 204 ᠴᠠᠭᠳᠠᠭᠠᠨ ᠤ ᠲᠡᠷᠭᠡ ᠬᠥᠳᠡᠯᠭᠡᠵᠦ᠂ 98 ᠤᠳᠠᠭ᠎ᠠ ᠵᠠᠮ ᠬᠠᠷᠢᠯᠴᠠᠭ᠎ᠠ ᠶᠢ ᠵᠢᠯᠣᠭᠤᠳᠤᠨ ᠨᠡᠪᠲᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ 38 ᠵᠤᠷᠪᠤᠰ ᠮᠡᠳᠡᠭᠡ ᠵᠠᠩᠭᠢ ᠶᠢ ᠸᠢᠴᠠᠲ᠂ ᠪᠢᠴᠢᠯ ᠪᠦᠷᠭᠡ᠂ ᠵᠢᠷᠭᠢᠶ᠎ᠡ ᠪᠠᠷ ᠨᠡᠶᠢᠲᠡᠯᠡᠵᠦ᠂ 47 ᠵᠤᠷᠪᠤᠰ ᠵᠠᠮ ᠬᠠᠷᠢᠯᠴᠠᠭᠠᠨ ᠤ ᠰᠠᠨᠠᠭᠤᠯᠤᠮᠵᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠦᠷ ᠴᠠᠭ ᠤᠨ ᠡᠭᠦᠷᠭᠡ ᠭᠦᠢᠴᠡᠳᠭᠡᠬᠦ ᠴᠡᠭ 49 ᠭᠠᠷᠭᠠᠵᠤ᠂ 84 ᠭᠠᠴᠢᠭᠳᠠᠭᠰᠠᠨ ᠲᠡᠷᠭᠡ ᠬᠥᠰᠬᠡ ᠶᠢ ᠠᠪᠤᠷᠠᠨ ᠲᠤᠰᠠᠯᠠᠵᠤ᠂ 90 ᠬᠦᠮᠦᠨ ᠢ ᠬᠠᠪᠰᠤᠷᠤᠨ ᠲᠡᠳᠬᠦᠪᠡ᠃ ᠪᠦᠬᠦ ᠬᠤᠲᠠ ᠳᠤ ᠬᠦᠨᠳᠦ ᠨᠣᠴᠢᠲᠠᠶ ᠵᠠᠮ ᠬᠠᠷᠢᠯᠴᠠᠭᠠᠨ ᠤ ᠲᠦᠭᠵᠢᠷᠡᠯ ᠭᠠᠷᠤᠭᠰᠠᠨ ᠦᠭᠡᠢ᠂ ᠬᠦᠨᠳᠦ ᠨᠣᠴᠢᠲᠠᠶ ᠵᠠᠮ ᠬᠠᠷᠢᠯᠴᠠᠭᠠᠨ ᠤ ᠠᠳᠡᠯ ᠭᠠᠷᠤᠭᠰᠠᠨ ᠦᠭᠡᠢ᠂ ᠬᠠᠷᠢᠶ᠎ᠠ ᠣᠷᠣᠨ ᠤ ᠤᠯᠤᠰ ᠤᠨ ᠪᠠ ᠮᠤᠵᠢ ᠶᠢᠨ ᠵᠠᠮ᠂ ᠪᠦᠬᠦ ᠬᠤᠲᠠ ᠶᠢᠨ ᠭᠤᠤᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ᠃     ᠮᠡᠳᠡᠭᠡᠯᠡᠭᠴᠢ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ  ᠶᠢᠨ ᠵᠢᠩ ᠴᠧᠩ
ᠢᠷᠡᠯᠲᠡ᠄ ᠤᠯᠠᠭᠠᠨᠬᠠᠳᠠ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ