ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠬᠢᠩᠭᠠᠨ ᠲᠤᠮᠢᠯᠠᠭᠰᠡᠨ ᠰᠠᠯᠪᠤᠷᠢ ᠴᠠᠬᠢᠯᠭᠠᠨ ᠬᠤᠯᠪᠤᠭ᠎ᠠ ᠰᠦᠯᠵᠢᠶᠠᠨ ᠤ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯ ᠢ ᠡᠷᠴᠢᠮᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/11/2
         ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠤᠲᠤᠭᠠᠲᠤ ᠶᠢ ᠬᠠᠮᠠᠭᠠᠯᠠᠬᠤ          ᠲᠤᠪᠴᠢᠶ᠎ᠠ ᠶᠢᠨ ᠬᠢᠩᠭᠠᠨ ᠲᠤᠮᠢᠯᠠᠭᠰᠡᠨ ᠰᠠᠯᠪᠤᠷᠢ ᠴᠠᠬᠢᠯᠭᠠᠨ ᠬᠤᠯᠪᠤᠭ᠎ᠠ ᠰᠦᠯᠵᠢᠶᠠᠨ ᠤ          ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯ ᠢ ᠡᠷᠴᠢᠮᠲᠠᠢ ᠶᠠᠪᠤᠭᠳᠠᠭᠤᠯᠪᠠ                  ᠤᠶᠢᠷ᠎ᠠ ᠶᠢᠨ ᠡᠳᠦᠷ᠂ ᠬᠠᠷᠢᠶ᠎ᠠ ᠲᠤᠭᠤᠷᠢᠭ ᠤᠨ ᠤᠯᠠᠨ ᠲᠦᠮᠡᠨ ᠤ ᠮᠡᠭᠡᠯᠡᠯ ᠢ ᠲᠠᠨᠢᠵᠦ ᠡᠰᠡᠷᠬᠦᠴᠡᠬᠦ ᠴᠢᠳᠠᠪᠤᠷᠢ ᠶᠢ ᠢᠯᠡᠤᠠᠲᠡ ᠳᠡᠭᠡᠭᠰᠢᠯᠡᠭᠦᠯᠬᠦ᠂ ᠲᠠᠳᠡᠨᠦᠰ ᠤᠨ ᠲᠤᠰ ᠪᠡᠶ᠎ᠠ ᠳᠤ ᠬᠤᠯᠪᠤᠭᠳᠠᠭᠰᠡᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠶᠢᠨ ᠲᠦᠯᠦᠬᠡ᠂ ᠬᠢᠩᠭᠠᠨ ᠲᠤᠮᠢᠯᠠᠭᠰᠡᠨ ᠰᠠᠯᠪᠤᠷᠢ ᠤᠯᠠᠨ ᠵᠦᠢᠯ  ᠤᠨ ᠠᠷᠭ᠎ᠠ ᠠᠪᠴᠠᠯ ᠢ ᠠᠪᠴᠦ᠂ ᠴᠠᠬᠢᠯᠭᠠᠨ ᠬᠤᠯᠪᠤᠭ᠎ᠠ ᠰᠦᠯᠵᠢᠶᠠᠨ ᠤ ᠮᠡᠬᠡᠯᠡᠯ ᠢ ᠡᠰᠡᠷᠬᠦᠴᠡᠬᠦ ᠤᠬᠠᠭᠤᠯᠭ᠎ᠠ ᠶᠢᠨ ᠠᠵᠢᠯᠯᠠᠭ᠎ᠠ ᠳᠡᠭᠡᠷ᠎ᠡ ᠬᠦᠴᠦ ᠵᠠᠷᠤᠴᠠᠭᠤᠯᠤᠨ᠂ ᠬᠠᠷᠢᠶ᠎ᠠ ᠲᠤᠭᠤᠷᠢᠭ ᠤᠨ ᠪᠤᠳᠠᠳᠤ ᠪᠠᠶᠢᠳᠠᠯ ᠳᠤ ᠰᠠᠭᠤᠷᠢᠯᠠᠵᠦ᠂ ᠴᠠᠬᠳᠠᠭ᠎ᠠ ᠨᠠᠷ ᠢᠶᠠᠨ ᠵᠤᠬᠢᠶᠠᠨ ᠪᠠᠶᠢᠭᠤᠯᠵᠦ᠂ ᠴᠠᠬᠢᠯᠭᠠᠨ ᠬᠤᠯᠪᠤᠭ᠎ᠠ ᠰᠦᠯᠵᠢᠶᠠᠨ ᠤ ᠮᠡᠬᠡᠯᠡᠯ  ᠤᠨ ᠠᠵᠢᠯᠯᠠᠭ᠎ᠠ ᠤᠯᠠᠨ ᠡᠬᠦᠰᠳᠡᠭ ᠭᠠᠵᠠᠷ ᠵᠢᠴᠢ ᠠᠮᠠᠷᠬᠠᠨ ᠮᠡᠬᠡᠯᠡᠭᠳᠡᠳᠡᠭ ᠬᠦᠮᠦᠰ ᠲᠤ ᠴᠠᠭᠳᠠᠭᠠᠨ ᠬᠦᠴᠦᠨ ᠢᠶᠠᠨ ᠢᠯᠡᠭᠦᠤ ᠵᠠᠷᠤᠴᠠᠭᠤᠯᠤᠨ᠂ ᠤᠯᠠᠨ ᠲᠦᠮᠡᠨ ᠤ ᠵᠤᠭᠤᠰ ᠮᠦᠩᠭᠦ ᠶᠢᠨ ᠠᠮᠦᠷ ᠲᠦᠪᠰᠢᠨ ᠢ ᠦᠨᠡᠨ ᠬᠦ ᠬᠠᠮᠠᠭᠠᠯᠠᠵᠦ ᠪᠠᠶᠢᠨ᠎ᠠ᠃    
     ᠡᠷᠦᠬᠡ ᠳᠤ ᠭᠦᠨᠵᠡᠭᠡᠶᠢᠷᠡᠨ ᠰᠤᠷᠲᠠᠯᠴᠢᠯᠠᠨ ᠤᠬᠠᠭᠤᠯᠬᠤ ᠶᠠᠪᠤᠴᠠ ᠳᠤ ᠴᠠᠭᠳᠠᠭ᠎ᠠ ᠨᠠᠷ ᠠᠴᠠ ᠠᠯᠵᠢᠶᠠᠯ ᠵᠦᠳᠡᠷᠡᠯ ᠢᠶᠠᠨ ᠬᠠᠶᠢᠬᠤᠷᠤᠯ ᠦᠭᠡᠢ ᠬᠠᠷᠢᠶ᠎ᠠ ᠲᠤᠭᠤᠷᠢᠭ ᠤᠨ ᠠᠷᠠᠤᠨ ᠤᠯᠠᠨ ᠳᠤ ᠴᠠᠬᠢᠯᠭᠠᠨ ᠬᠤᠯᠪᠤᠭ᠎ᠠ ᠰᠦᠯᠵᠢᠶᠡᠨ ᠤ ᠮᠠᠬᠡᠯᠡᠯ ᠤᠨ ᠠᠵᠢᠯᠯᠠᠭ᠎ᠠ ᠶᠢᠨ ᠤᠨᠴᠠᠯᠢᠭ᠂ ᠬᠡᠯᠪᠡᠷᠢ ᠪᠤᠯᠤᠨ ᠬᠠᠮᠢᠶ᠎ᠠ ᠪᠦᠬᠦᠢ ᠮᠡᠳᠡᠯᠬᠡ ᠶᠢ ᠲᠠᠶᠢᠯᠪᠤᠷᠢᠯᠠᠨ ᠥᠭᠴᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠦᠷᠢᠶ᠎ᠠ ᠬᠡᠪᠴᠢᠶ᠎ᠠ ᠢ ᠤᠯᠠᠮ ᠥᠷᠭᠡᠳᠭᠡᠪᠡ᠃ ᠲᠡᠳᠡᠨᠦᠰ ᠠᠴᠠ ᠬᠠᠮᠠᠭᠠᠯᠠᠯᠲᠠ ᠪᠠ ᠲᠠᠶᠢᠯᠪᠤᠷᠢᠯᠠᠯᠲᠠ ᠶᠢᠨ ᠠᠷᠭ᠎ᠠ ᠠᠪᠴᠠᠯ ᠢ ᠤᠶᠠᠯᠳᠤᠭᠤᠯᠵᠤ᠂ ᠤᠯᠠᠨ ᠲᠦᠮᠡᠨ ᠢ ᠬᠠᠪᠰᠤᠷᠤᠨ ᠴᠠᠬᠢᠯᠭᠠᠨ ᠬᠤᠯᠪᠤᠭ᠎ᠠ ᠰᠦᠯᠵᠢᠶᠠᠨ ᠤ ᠮᠡᠭᠡᠯᠡᠯ ᠢ ᠡᠰᠡᠷᠭᠦᠴᠡᠬᠦ APP ᠢ ᠲᠡᠳᠡᠨᠦᠰ ᠤᠨ ᠭᠠᠷ ᠤᠳᠠᠰᠤᠨ ᠳᠤ ᠤᠭᠰᠡᠷᠠᠨ ᠲᠠᠩᠰᠠᠯᠠᠵᠦ᠂ ᠰᠡᠵᠢᠭᠲᠡᠢ ᠡᠲᠡᠭᠡᠤᠨ ᠪᠤᠶᠤ ᠮᠡᠳᠡᠭᠡ ᠵᠠᠩᠭᠢ ᠲᠠᠢ ᠤᠴᠠᠷᠠᠪᠠᠯ ᠲᠠᠷᠤᠢ ᠲᠦᠷᠭᠡᠨ 110 ᠤᠳᠠᠰᠤ ᠳᠤ ᠭᠡᠷᠡᠭ ᠮᠡᠳᠡᠭᠦᠯᠬᠦ ᠶᠢ ᠠᠩᠬᠠᠷᠣᠭᠤᠯᠣᠨ ᠰᠠᠨᠠᠭᠤᠯᠪᠠ᠃ ︵ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠴᠦᠨ ᠰᠢᠶᠠ  ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ