ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠠᠮᠢᠳᠤᠷᠠᠯ ᠤᠨ ᠳᠤᠮᠳᠠᠬᠢ ︽ᠪᠠᠭ᠎ᠠ︾ ᠬᠡᠷᠡᠭ ᠢ ᠢᠯᠡᠷᠡᠭᠦᠯᠬᠦ ᠪᠠᠷ ᠠᠵᠢᠯ ᠤᠨ ᠢᠶᠠᠨ ᠭᠤᠤᠯᠳᠠᠯᠭ᠎ᠠ ᠪᠤᠯᠭᠠᠪᠠ
ᠨᠡᠶᠢᠲᠡᠯᠡᠭᠰᠡᠨ ᠴᠠᠭ᠄
2021/11/2
         ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ          ᠲᠣᠪᠴᠢᠶ᠎ᠠ ᠠᠷᠠᠳ ᠤᠨ ᠠᠮᠢᠳᠤᠷᠠᠯ ᠤᠨ ᠳᠤᠮᠳᠠᠬᠢ ︽ᠪᠠᠭ᠎ᠠ︾          ᠬᠡᠷᠡᠭ ᠢ ᠢᠯᠡᠷᠡᠭᠦᠯᠬᠦ ᠪᠠᠷ ᠠᠵᠢᠯ ᠤᠨ ᠢᠶᠠᠨ ᠭᠤᠤᠯᠳᠠᠯᠭ᠎ᠠ ᠪᠤᠯᠭᠠᠪᠠ              ᠪᠦᠬᠦ ᠣᠷᠤᠨ ᠤ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ︽ᠰᠡᠷᠭᠡᠶᠢᠯᠡᠯᠳᠡ ᠶᠢ ᠴᠢᠩᠭᠠᠳᠬᠠᠬᠤ᠂ ᠬᠡᠷᠡᠭ ᠢ ᠡᠵᠡᠮᠳᠡᠬᠦ᠂ ᠠᠮᠤᠷ ᠲᠦᠪᠰᠢᠨ ᠢ ᠪᠠᠲᠤᠯᠠᠬᠤ︾ ᠵᠠᠭᠤᠨ ᠡᠳᠦᠷ ᠤᠨ ᠪᠤᠭᠤᠮᠳᠠ ᠰᠢᠪᠲᠤᠯᠬᠤ ᠠᠵᠢᠯᠯᠠᠭ᠎ᠠ ᠶᠢ ᠦᠷᠨᠢᠭᠦᠯᠦᠭᠰᠡᠨ ᠠᠴᠠ ᠨᠠᠭᠠᠰᠢ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠠᠷᠠᠳ ᠲᠦᠮᠡᠨ ᠢᠶᠠᠷ ᠭᠤᠤᠯ ᠪᠤᠯᠭᠠᠬᠤ︾ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠬᠤᠯᠠᠴᠢᠯᠠᠵᠤ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠡᠩᠬᠡ ᠲᠠᠶᠢᠪᠤᠩ ᠡᠶ᠎ᠡ ᠵᠤᠬᠢᠴᠠᠯ ᠲᠠᠢ ᠨᠡᠶᠢᠭᠡᠮ ᠤᠨ ᠠᠮᠤᠷ ᠲᠤᠭᠳᠠᠭᠤᠨ ᠤᠷᠴᠢᠨ ᠲᠤᠭᠤᠷᠢᠨ ᠢ ᠡᠭᠦᠳᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ ᠠᠵᠢᠯᠯᠠᠭᠰᠠᠭᠠᠷ ᠢᠷᠡᠪᠡ᠃     ᠡᠨᠡ ᠵᠢᠯ ᠤᠨ 10 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠷᠡᠭᠦᠦ ᠶᠢᠨ ᠴᠠᠭᠳᠠᠭᠠᠨ ᠤ ᠶᠡᠭᠡ ᠠᠩᠭᠢ ᠨᠢ ᠪᠠᠶᠠᠨᠳᠠᠯ᠎ᠠ ᠪᠠᠯᠭᠠᠰᠤᠨ ᠤ ᠲᠤᠮᠢᠯᠠᠭᠰᠠᠨ ᠰᠠᠯᠪᠤᠷᠢ ᠠᠴᠠ ᠰᠢᠯᠵᠢᠭᠦᠯᠦᠨ ᠲᠤᠰᠢᠶᠠᠭᠰᠠᠨ ᠬᠡᠷᠡᠭ ᠢ ᠲᠣᠰᠪᠠ᠃ ᠬᠡᠷᠡᠭ ᠲᠤ ᠮᠠᠨ ᠤ ᠬᠤᠰᠢᠭᠤᠨ ᠤ ᠰᠠᠭᠤᠭᠠᠯᠢ ᠠᠷᠠᠳ ᠯᠢ ᠬᠦᠬᠡ ᠶᠢᠨ ᠪᠠᠶᠠᠨᠳᠠᠯ᠎ᠠ ᠪᠠᠯᠭᠠᠰᠤᠨ ᠤ ᠮᠡᠷᠭᠡᠴᠢ ᠭᠠᠴᠠᠭᠠᠨ ᠤ ᠯᠢ ᠬᠦᠬᠡᠭᠴᠢᠨ ᠤ ᠳᠤ ᠲᠦᠷ ᠲᠡᠵᠢᠭᠡᠵᠤ ᠪᠠᠶᠢᠭᠰᠠᠨ ᠦᠬᠡᠷ ᠢ ᠨᠢ ᠯᠢ ᠬᠦᠬᠡᠭᠴᠢᠨ ᠤ ᠬᠦᠥ ᠯᠢ ᠤᠪᠤᠭᠳᠤ ᠨᠢ ᠬᠤᠯᠠᠭᠠᠶᠢᠯᠠᠵᠤ ᠬᠤᠳᠠᠯᠳᠤᠪᠠ᠃ ᠬᠡᠷᠡᠭ ᠢ ᠬᠦᠯᠢᠶᠡᠨ ᠠᠪᠤᠭᠰᠠᠨ ᠤ ᠲᠠᠷᠠᠭ᠎ᠠ ᠡᠷᠡᠭᠦᠥ ᠶᠢᠨ ᠴᠠᠭᠳᠠᠭᠠᠨ ᠤ ᠶᠡᠭᠡ ᠠᠩᠭᠢ  ᠶᠢᠨ ᠠᠷᠠᠳ ᠤᠨ ᠴᠠᠭᠳᠠᠭ᠎ᠠ ᠬᠡᠷᠡᠭ ᠤᠨ ᠰᠦᠪᠡᠭᠴᠢ ᠪᠠᠷ ᠠᠵᠢᠯᠯᠠᠭ᠎ᠠ ᠪᠠᠨ ᠪᠣᠰᠢᠭᠤᠬᠠᠨ ᠦᠷᠨᠢᠭᠦᠯᠵᠤ᠂ ᠲᠤᠰ ᠡᠳᠦᠷ ᠲᠤ ᠨᠢ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠡᠪᠠ᠃     ᠪᠠᠶᠢᠴᠠᠭᠠᠯᠳᠠ ᠪᠠᠷ ᠲᠠᠮᠵᠢᠭᠠᠳ᠂ ᠯᠢ ᠬᠦᠬᠡᠭᠴᠢᠨ ᠤ ᠬᠦᠤ ᠯᠢ ᠤᠪᠤᠭᠳᠤ ᠨᠢ ᠨᠢᠭᠡᠨ ᠦᠷᠢ ᠦᠭᠴᠡᠭᠡᠨ ᠤ ᠣᠴᠢᠷ ᠠᠴᠠ ᠵᠢᠭᠡᠯᠡᠯᠭᠡ ᠪᠠᠨ ᠪᠤᠴᠠᠭᠠᠬᠤ ᠶᠢ ᠱᠠᠯᠠᠪᠳᠠᠭᠤᠯᠤᠭᠰᠠᠨ ᠠᠴᠠ ᠪᠤᠯᠵᠤ᠂  ᠪᠠᠴᠢᠮ ᠪᠠᠶᠢᠳᠠᠯ ᠲᠤᠤᠷ᠎ᠠ ᠦᠬᠡᠷ ᠬᠤᠳᠠᠯᠳᠤᠬᠤ ᠪᠤᠳᠤᠯ ᠤᠷᠤᠵᠤ᠂ ᠰᠡᠭᠦᠯᠡᠷ ᠨᠢ ᠴᠣᠤᠷᠢᠶ᠎ᠠ ᠪᠠᠷ ᠲᠠᠮᠵᠢᠨ ᠬᠤᠳᠠᠯᠳᠤᠭᠠᠴᠢᠨ  ᠲᠠᠢ ᠬᠠᠷᠢᠯᠴᠠᠵᠤ᠂ ᠦᠬᠡᠷ ᠢ ᠨᠡᠢᠮᠡᠨ ᠮᠢᠩᠭᠠᠨ ᠲᠦᠭᠦᠷᠢᠭ ᠤᠨ ᠦᠨ᠎ᠡ ᠪᠠᠷ ᠨᠦᠭᠦᠭᠡ ᠡᠳᠡᠭᠡᠳ ᠲᠤ ᠪᠠᠨ ᠬᠤᠳᠠᠯᠳᠤᠵᠤ᠂ ᠪᠤᠵᠠᠷ ᠵᠤᠭᠤᠰ ᠢᠶᠠᠷ ᠢᠶᠠᠨ ᠦᠷᠢ ᠪᠠᠨ ᠲᠦᠯᠦᠵᠠᠢ᠃ ᠤᠳᠤᠬᠠᠨ ᠳᠤ ᠶᠠᠯ᠎ᠠ ᠬᠢᠭᠰᠡᠨ ᠰᠡᠵᠢᠭᠳᠡᠨ ᠯᠢ ᠤᠪᠤᠭᠳᠤ ᠶᠢ ᠬᠤᠯᠠᠭᠠᠶᠢᠯᠠᠭᠰᠠᠨ ᠶᠠᠯ᠎ᠠ ᠪᠠᠷ ᠮᠠᠨ ᠤ ᠲᠤᠪᠴᠢᠶᠠᠨ ᠠᠴᠠ ᠲᠦᠷ ᠬᠤᠷᠢᠵᠤ᠂ ᠬᠡᠷᠡᠭ ᠢ ᠤᠯᠠᠮ ᠨᠢᠭᠡ ᠠᠯᠬᠤᠮ ᠮᠦᠷᠳᠡᠨ ᠪᠠᠶᠢᠴᠠᠭᠠᠵᠤ ᠪᠠᠶᠢᠨ᠎ᠠ᠃ ︵ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ