ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ 310 ᠴᠠᠭᠳᠠᠭ᠎ᠠ ᠶᠢ ᠪᠠᠴᠢᠮ ᠲᠣᠮᠢᠯᠠᠵᠤ ᠡᠵᠡᠨ᠎ᠡ ᠶᠢ ᠳᠡᠮᠵᠢᠪᠡ
ᠨᠡᠶᠢᠲᠡᠯᠡᠭᠰᠡᠨ ᠴᠠᠭ᠄
2021/11/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ      ᠲᠢᠩᠬᠢᠮ ᠠᠴᠠ 310 ᠴᠠᠭᠳᠠᠭ᠎ᠠ ᠶᠢ ᠪᠠᠴᠢᠮ ᠲᠣᠮᠢᠯᠠᠵᠤ ᠡᠵᠡᠨ᠎ᠡ ᠶᠢ ᠳᠡᠮᠵᠢᠪᠡ      10 ᠳ᠋ᠤᠭᠠᠷ ᠰᠠᠷ᠎ᠠ ᠶᠢᠨ 26 ᠤ ᠡᠳᠦᠷ ᠤᠨ 8 ᠴᠠᠭ ᠠᠴᠠ 10 ᠳ᠋ᠤᠭᠠᠷ ᠰᠠᠷ᠎ᠠ ᠶᠢᠨ 27 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠲᠣᠰ  ᠡᠭᠡᠯᠵᠢ ᠶᠢᠨ ᠰᠢᠨ᠎ᠡ ᠪᠠᠷ ᠳᠡᠯᠭᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠤᠬᠠᠢ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠨᠡᠶᠢᠲᠡ 110 ᠪᠣᠯᠤᠨ ᠨᠡᠮᠡᠭᠳᠡᠵᠦ᠂ ᠡᠵᠡᠨ᠎ᠡ ᠬᠤᠰᠢᠭᠤᠨ ᠳᠤ ᠨᠡᠶᠢᠲᠡ 89 ᠪᠣᠯᠪᠠ᠃
     ᠬᠦᠨᠳᠦ ᠬᠡᠴᠡᠭᠦᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠲᠥᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 10 ᠳ᠋ᠤᠭᠠᠷ ᠰᠠᠷ᠎ᠠ ᠶᠢᠨ 26 ᠤ ᠦᠳᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠭᠤᠶᠢᠯᠠᠩ ᠢ ᠵᠣᠬᠢᠶᠠᠨ ᠪᠠᠶᠢᠭᠤᠯᠵᠤ᠂ 15 ᠴᠠᠭ ᠲᠤ᠂ ᠲᠢᠩᠬᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠭᠤᠶᠢᠯᠠᠩ ᠬᠥᠬᠡᠬᠤᠲᠠ ᠠᠴᠠ ᠮᠣᠷᠳᠠᠵᠤ ᠡᠵᠡᠨ᠎ᠡ ᠬᠤᠰᠢᠭᠤᠨ ᠳᠤ ᠬᠦᠷᠦᠭᠰᠡᠨ ᠤ ᠬᠠᠮᠲᠤ᠂ ᠪᠤᠭᠤᠲᠤ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠪᠠ ᠤᠷᠳᠤᠰ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠠᠴᠠ 310 ᠰᠢᠯᠢᠳᠡᠭ ᠴᠠᠭᠳᠠᠭ᠎ᠠ ᠶᠢ ᠪᠠᠴᠢᠮ ᠲᠣᠮᠢᠯᠠᠵᠤ᠂ ᠰᠥᠨᠢ ᠪᠠᠷ ᠡᠵᠡᠨ᠎ᠡ ᠬᠤᠰᠢᠭᠤ ᠶᠢ ᠲᠤᠰᠠᠯᠠᠬᠤ ᠪᠠᠷ ᠮᠣᠷᠳᠠᠵᠤ᠂ 27 ᠤ ᠡᠳᠦᠷ ᠤᠨ 8 ᠴᠠᠭ ᠲᠤ ᠪᠦᠬᠦᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠳᠤ ᠣᠷᠣᠯᠴᠠᠪᠠ᠃      ᠪᠤᠭᠤᠲᠤ      ᠠᠶᠤᠯ ᠲᠦᠭᠰᠢᠭᠦᠷᠢ ᠲᠠᠢ ᠭᠠᠵᠠᠷ ᠲᠤ ᠡᠷᠡᠯᠬᠡᠭ ᠵᠣᠷᠢᠭ ᠢᠯᠡᠷᠡᠵᠦ᠂ ᠵᠠᠩᠭᠢᠯᠠᠭ᠎ᠠ ᠶᠢᠨ ᠴᠠᠭ ᠮᠥᠴᠡ ᠳᠤ ᠬᠠᠷᠢᠭᠤᠴᠠᠯᠭ᠎ᠠ ᠡᠭᠦᠷᠭᠡᠯᠡᠨ᠎ᠡ᠃ ᠠᠯᠠᠱᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠳᠤ ᠴᠢᠭᠯᠡᠭᠦᠯᠦᠨ᠂ 10 ᠳ᠋ᠤᠭᠠᠷ ᠰᠠᠷ᠎ᠠ ᠶᠢᠨ 26 ᠤ ᠡᠳᠦᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠠᠯᠠᠱᠠ ᠶᠢ ᠬᠠᠮᠠᠭᠠᠯᠠᠬᠤ ᠪᠣᠯ ᠳᠠᠷᠤᠶ ᠪᠥᠬᠦ ᠣᠷᠣᠨ ᠢ ᠬᠠᠮᠠᠭᠠᠯᠠᠬᠤ᠂ ᠪᠥᠬᠦ ᠤᠯᠤᠰ ᠢ ᠬᠠᠮᠠᠭᠠᠯᠠᠬᠤ ᠦᠨᠳᠦᠷᠴᠡ ᠠᠴᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠷᠢᠶᠠᠯᠠᠭ᠎ᠠ ᠶᠢᠨ ᠲᠣᠤᠷ᠎ᠠ᠂ ᠣᠬᠤᠷᠬᠠᠨ ᠬᠡᠳᠦᠨ ᠴᠠᠭ ᠤᠨ ᠳᠣᠲᠣᠷ᠎ᠠ 50 ᠰᠢᠯᠢᠳᠡᠭ ᠴᠠᠭᠳᠠᠭ᠎ᠠ ᠶᠢ ᠪᠠᠴᠢᠮ ᠲᠠᠲᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠪᠰᠢᠭᠠᠶ ᠠᠩᠭᠢ ᠶᠢ ᠵᠣᠬᠢᠶᠠᠨ ᠪᠠᠶᠢᠭᠤᠯᠵᠤ᠂ ᠰᠥᠨᠢ ᠪᠠᠷ ᠠᠯᠠᠱᠠ ᠠᠶᠢᠮᠠᠭ ᠤᠨ ᠡᠵᠡᠨ᠎ᠡ ᠬᠤᠰᠢᠭᠤ ᠶᠢ ᠲᠤᠰᠠᠯᠠᠬᠤ ᠪᠠᠷ ᠮᠣᠷᠳᠠᠪᠠ᠃
     ᠪᠠᠶᠠᠨᠨᠠᠭᠤᠷ      10 ᠳ᠋ᠤᠭᠠᠷ ᠰᠠᠷ᠎ᠠ ᠶᠢᠨ 26 ᠤ ᠡᠳᠦᠷ ᠤᠨ 21 ᠴᠠᠭ ᠲᠤ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ 100 ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠪᠰᠢᠭᠠᠶ ᠠᠩᠭᠢ ᠰᠥᠨᠢ ᠪᠠᠷ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠬᠦᠷᠴᠦ᠂ ᠬᠢᠵᠢᠭ ᠢ ᠰᠡᠷᠭᠡᠶᠢᠯᠡᠬᠦ ᠡᠮᠦᠨ᠎ᠡ ᠹᠷᠤᠨᠲ ᠲᠤ ᠭᠠᠪᠰᠢᠭᠠᠶᠢᠯᠠᠪᠠ᠃
     ᠣᠷᠳᠣᠰ      10 ᠳ᠋ᠤᠭᠠᠷ ᠰᠠᠷ᠎ᠠ ᠶᠢᠨ 26 ᠤ ᠡᠳᠦᠷ ᠤᠨ 19 ᠴᠠᠭ ᠲᠤ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠯᠠᠱᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠠᠵᠢᠯ ᠤᠨ ᠳᠤᠭᠤᠶᠢᠯᠠᠩ ᠤᠨ ᠬᠥᠮᠦᠰ ᠮᠣᠷᠳᠠᠬᠤ ᠶᠣᠰᠣᠯᠠᠯ ᠶᠠᠪᠤᠭᠳᠠᠭᠤᠯᠪᠠ᠃
     ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠬᠤ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠥᠬᠦ ᠴᠠᠭᠳᠠᠭ᠎ᠠ ᠶᠢ ᠳᠠᠶᠢᠴᠢᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠶᠢᠨ ᠲᠥᠯᠥᠭᠡ᠂ ᠲᠠᠳᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠡᠷᠡ ᠳᠠᠷᠤᠶ ᠳᠤ ᠨᠢ 100 ᠴᠠᠭᠳᠠᠭ᠎ᠠ ᠶᠢ ᠵᠣᠬᠢᠶᠠᠨ ᠪᠠᠶᠢᠭᠤᠯᠤᠨ ᠡᠵᠡᠨ᠎ᠡ ᠬᠤᠰᠢᠭᠤᠨ ᠳᠤ ᠲᠤᠮᠢᠯᠠᠵᠤ ᠬᠢᠵᠢᠭ ᠤᠨ  ᠪᠠᠶᠢᠳᠠᠯ   ᠢ  ᠰᠡᠷᠭᠡᠶᠢᠯᠡᠨ  ᠡᠵᠡᠮᠳᠡᠬᠦ  ᠠᠵᠢᠯ ᠢ ᠳᠡᠮᠵᠢᠪᠡ᠃
     ᠲᠣᠰ ᠤᠳᠠᠭ᠎ᠠ ᠠᠯᠠᠱᠠ ᠠᠶᠢᠮᠠᠭ ᠢ ᠲᠤᠰᠠᠯᠠᠨ ᠳᠡᠮᠵᠢᠬᠦ ᠳᠤ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ ᠵᠢᠴᠢ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠡᠶᠢᠲᠡ 100 ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ ᠲᠤᠰᠠᠯᠠᠬᠤ ᠡᠩᠨᠡᠭᠡ ᠨᠢ ᠲᠣᠰ ᠲᠣᠰ ᠲᠤ ᠪᠠᠨ ᠮᠣᠷᠳᠠᠵᠤ᠂ ᠡᠵᠡᠨ᠎ᠡ ᠬᠤᠰᠢᠭᠤᠨ ᠳᠤ ᠴᠤᠭᠯᠠᠷᠠᠵᠠᠶ᠃ ᠲᠣᠮᠣ  ᠠᠶᠠᠨᠴᠢᠳ ᠤᠨ ᠮᠠᠰᠢᠨ ᠲᠡᠷᠭᠡ᠂ ᠴᠡᠷᠢᠭ ᠵᠥᠭᠡᠭᠡᠪᠦᠷᠢᠯᠡᠬᠦ ᠲᠡᠷᠭᠡ᠂ ᠲᠡᠭᠡᠭᠡᠪᠦᠷᠢ ᠶᠢᠨ ᠮᠠᠰᠢᠨ ᠲᠡᠷᠭᠡ᠂ ᠬᠤᠭᠤᠯᠠᠨ ᠲᠡᠷᠭᠡ ᠵᠡᠷᠭᠡ ᠶᠢ ᠨᠡᠶᠢᠲᠡ 14 ᠬᠥᠳᠡᠯᠭᠡᠵᠦ᠂ ᠡᠯ᠎ᠡ ᠲᠥᠷᠥᠯ ᠤᠨ ᠴᠠᠭᠳᠠᠭᠠᠨ ᠤ ᠲᠣᠨᠤᠭ ᠲᠥᠬᠦᠭᠡᠷᠦᠮᠵᠢ᠂ ᠡᠮ ᠡᠮᠨᠡᠯᠭᠡ ᠶᠢᠨ ᠡᠳ᠋ ᠪᠣᠳᠠᠰ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠨᠤᠭ ᠲᠥᠬᠦᠭᠡᠷᠦᠮᠵᠢ ᠶᠢ ᠭᠦᠢᠴᠡᠳ ᠳᠣᠬᠢᠷᠠᠭᠤᠯᠵᠤ᠂ ᠪᠠᠲᠤᠯᠠᠭ᠎ᠠ ᠶᠢ ᠦᠨᠡᠨ ᠬᠦ ᠪᠠᠲᠤᠯᠠᠪᠠ᠃      ᠦᠬᠠᠢ      10 ᠳ᠋ᠤᠭᠠᠷ ᠰᠠᠷ᠎ᠠ ᠶᠢᠨ 26 ᠤ ᠡᠳᠦᠷ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠠᠯᠠᠱᠠ ᠠᠶᠢᠮᠠᠭ ᠢ ᠲᠤᠰᠠᠯᠠᠨ ᠳᠡᠮᠵᠢᠬᠦ ᠭᠤᠷᠪᠠᠳᠤᠭᠠᠷ ᠡᠭᠡᠯᠵᠢ ᠶᠢᠨ ᠴᠠᠭᠳᠠᠭ᠎ᠠ ᠠᠶᠠᠨ ᠲᠠᠶᠢᠨ ᠳᠤ ᠮᠣᠷᠳᠠᠪᠠ᠂ ᠳᠡᠳᠡ ᠰᠥᠨᠢ ᠳᠦᠯᠢ ᠪᠠᠷ 8 ᠴᠠᠭ ᠭᠠᠷᠤᠢ ᠶᠠᠪᠤᠵᠤ ᠡᠵᠡᠨ᠎ᠡ ᠬᠤᠰᠢᠭᠤᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠣᠬᠢᠶ᠎ᠠ ᠳᠠᠮᠵᠢᠭᠤᠯᠭ᠎ᠠ ᠪᠠᠷ ᠲᠤᠰᠠᠯᠠᠪᠠ᠃ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ᠂ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ 51 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠢᠵᠢᠭ ᠤᠨ ᠪᠠᠶᠢᠳᠠᠯ ᠨᠡᠩ ᠬᠦᠨᠳᠦ ᠬᠡᠴᠡᠭᠦᠦ ᠪᠣᠯᠤᠭᠰᠠᠨ ᠦᠶ᠎ᠡ ᠳᠤ ᠠᠶᠤᠯ ᠲᠦᠭᠰᠢᠭᠦᠷᠢ ᠠᠴᠠ ᠠᠶᠤᠬᠤ ᠦᠭᠡᠶ ᠪᠠᠷ ᠡᠷᠡᠯᠬᠡᠭᠯᠡᠨ ᠤᠷᠤᠭᠰᠢᠯᠠᠵᠤ᠂ ᠬᠥᠷᠰᠢ ᠵᠡᠷᠭᠡᠯᠡᠳᠡᠭᠡ ᠠᠶᠢᠮᠠᠭ ᠬᠤᠲᠠ ᠲᠠᠢ ᠪᠠᠨ ᠬᠠᠮᠲᠤ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠠᠩᠭᠠᠷᠢᠭᠯᠠᠵᠤ᠂ ︽ᠠᠬ᠎ᠠ ᠳᠡᠭᠦᠦ ᠨᠡᠷ ᠰᠡᠳᠬᠢᠯ ᠨᠢᠭᠡᠳᠦᠨ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠩ ᠬᠦᠴᠦᠷᠬᠡᠭ ᠶᠡᠭᠡ ᠬᠠᠮᠳᠤᠷᠠᠯ ᠬᠦᠴᠦᠨ ᠢ ᠨᠢᠭᠲᠠᠷᠠᠭᠤᠯᠪᠠ᠃
     27 ᠤ ᠡᠳᠦᠷ ᠤᠨ 8 ᠴᠠᠭ ᠪᠣᠯᠲᠠᠯ᠎ᠠ᠂ ᠲᠦᠷᠭᠡᠨ ᠲᠤᠰᠠᠯᠠᠬᠤ ᠴᠠᠭᠳᠠᠭᠠᠨ ᠤ ᠡᠩᠨᠡᠭᠡ ᠪᠦᠬᠦᠨ ᠢᠶᠠᠷ ᠢᠶᠠᠨ ᠡᠵᠡᠨ᠎ᠡ ᠬᠤᠰᠢᠭᠤᠨ ᠳᠤ ᠬᠦᠷᠪᠡ᠃ ᠨᠢᠭᠡ ᠭᠠᠵᠠᠷ ᠨᠢ ᠬᠦᠴᠢᠷᠳᠡᠯ ᠳᠤ ᠲᠤᠯᠭᠠᠷᠠᠪᠠᠯ ᠨᠠᠢᠮᠠᠨ ᠵᠦᠭ ᠠᠴᠠ ᠲᠤᠰᠠᠯᠠᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢ ᠳᠡᠭᠡᠳᠦᠯᠡᠬᠦ ᠦᠷᠳᠡᠭ ᠤᠨ ᠤᠢᠢᠯᠠᠭᠠᠭᠳᠠᠬᠤᠨ ᠢ ᠲᠠᠶᠢᠯᠪᠤᠷᠢᠯᠠᠪᠠ︔ ᠵᠠᠷᠯᠢᠭ ᠢ ᠲᠠᠭᠠᠨ ᠨᠢᠭᠡᠳᠦᠭᠡᠷ ᠹᠷᠣᠨᠲ ᠲᠤ ᠬᠦᠷᠴᠦ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠦᠨᠡᠨᠴᠢ ᠰᠢᠳᠤᠷᠭᠤ ᠪᠠ ᠬᠠᠷᠢᠭᠤᠴᠠᠯᠭ᠎ᠠ ᠶᠢ ᠢᠯᠡᠷᠡᠭᠦᠯᠪᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ