ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠪᠰᠤᠷᠤᠨ ᠲᠤᠰᠠᠯᠠᠬᠤ ᠠᠩᠬᠢ ᠡᠵᠡᠨ᠎ᠡ ᠬᠤᠰᠢᠭᠤᠨ ᠤ ᠴᠡᠭᠡ ᠪᠣᠭᠤᠮᠲᠠ ᠶᠢ ᠪᠠᠲᠤ ᠰᠠᠬᠢᠪᠠ
ᠨᠡᠶᠢᠲᠡᠯᠡᠭᠰᠡᠨ ᠴᠠᠭ᠄
2021/11/9
     ᠦᠬᠠᠢ ᠶᠢᠨ ᠳᠣᠲᠣᠭᠠᠳᠤ  ᠶᠢ  ᠬᠠᠮᠠᠭᠠᠯᠠᠬᠤ  ᠪᠠᠶᠢᠭᠤᠯᠭ᠎ᠠ  ᠶᠢᠨ  ᠬᠠᠪᠰᠤᠷᠤᠨ      ᠲᠤᠰᠠᠯᠠᠬᠤ ᠠᠩᠬᠢ ᠡᠵᠡᠨ᠎ᠡ ᠬᠤᠰᠢᠭᠤᠨ ᠤ ᠴᠡᠭᠡ ᠪᠣᠭᠤᠮᠲᠠ ᠶᠢ ᠪᠠᠲᠤ ᠰᠠᠬᠢᠪᠠ      ᠣᠶᠢᠷ᠎ᠠ ᠳᠤ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠣᠤᠷ᠎ᠠ᠂ ᠭᠤᠷᠪᠠᠨ ᠡᠭᠡᠯᠵᠢ ᠴᠠᠭᠳᠠᠭ᠎ᠠ ᠲᠣᠮᠢᠯᠠᠨ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠳᠤ ᠲᠤᠰᠠᠯᠠᠪᠠ᠃ ᠣᠳᠣᠬᠠᠨ ᠳᠤ 70 ᠨᠡᠷᠡᠰ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠨ᠎ᠠ᠂ ᠲᠠᠳᠠ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠳᠤ ᠣᠷᠣᠯᠴᠠᠵᠤ  ᠂  ᠪᠠᠶᠢᠯᠳᠤᠭᠠᠨ  ᠳᠤ  ᠵᠠᠪᠠᠯ ᠣᠷᠣᠯᠴᠠᠨ᠎ᠠ᠂ ᠣᠷᠣᠯᠴᠠᠪᠠᠯ ᠵᠠᠪᠠᠯ ᠢᠯᠠᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃
     ᠲᠤᠰ ᠤᠳᠠᠭ᠎ᠠ ᠶᠢᠨ ᠡᠵᠡᠨ᠎ᠡ ᠶᠢ ᠲᠦᠷᠭᠡᠨ ᠲᠤᠰᠠᠯᠠᠨ ᠬᠢᠵᠢᠭ ᠤᠨ ᠪᠠᠶᠢᠳᠠᠯ ᠢ ᠡᠰᠡᠷᠭᠦᠴᠡᠬᠦ ᠴᠠᠭ ᠪᠠᠴᠢᠮ ᠡᠭᠦᠷᠭᠡ ᠬᠦᠨᠳᠦ᠂ ᠨᠥᠬᠦᠴᠡᠯ ᠬᠠᠲᠠᠭᠤᠵᠢᠯᠲᠠᠶ᠂ ᠡᠭᠦᠨ ᠳᠤ᠂ ᠳᠤᠮᠳᠠᠳᠤ ᠮᠣᠩᠭᠤᠯ ᠤᠨ ᠠᠭᠤᠯᠵᠠᠷ ᠲᠠᠬᠢ ᠴᠡᠭᠡ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠬᠦ ᠭᠤᠤᠯᠳᠠᠯᠭ᠎ᠠ ᠲᠠᠢ ᠪᠣᠭᠤᠮᠲᠠ ᠪᠣᠯᠤᠨ᠎ᠠ᠃ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 32 ᠨᠡᠷᠡᠰ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠡᠭᠡ ᠪᠣᠭᠤᠮᠲᠠ ᠶᠢᠨ 12 ᠳ᠋ᠤᠭᠠᠷ ᠵᠢᠵᠢᠭᠦᠷᠯᠡᠬᠦ‍ ᠴᠢᠭ ᠢ ᠬᠠᠷᠢᠭᠤᠴᠠᠨ ᠰᠠᠬᠢᠵᠤ᠂ ᠵᠢᠵᠢᠭᠦᠷᠯᠡᠬᠦ‍ ᠴᠢᠭ ᠨᠢ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠠᠴᠠ ᠵᠥᠪᠬᠡᠨ 30 ᠮᠧᠲᠷ ᠵᠠᠶᠢᠲᠠᠶ ᠪᠠᠶᠢᠵᠤ᠂ ᠲᠣᠰ ᠤᠳᠠᠭᠠᠨ ᠤ ᠡᠭᠦᠷᠭᠡ ᠶᠢᠨ ᠲᠤᠮᠳᠠ ᠵᠠᠢ ᠪᠠᠷ ᠬᠠᠮᠤᠭ ᠤᠨ ᠬᠤᠯᠠ᠂ ᠨᠥᠬᠦᠴᠡᠯ ᠢᠶᠠᠷ ᠬᠠᠮᠤᠭ ᠤᠨ ᠬᠠᠲᠠᠭᠤᠵᠢᠯᠲᠠᠶ ᠵᠢᠵᠢᠭᠦᠷᠯᠡᠬᠦ‍ ᠴᠢᠭ ᠪᠣᠯᠤᠨ᠎ᠠ᠃ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠤᠯᠵᠤ 12 ᠳ᠋ᠤᠭᠠᠷ ᠵᠢᠵᠢᠭᠦᠷᠯᠡᠬᠦ‍ ᠴᠢᠭ ᠢ ᠡᠯᠡᠰᠦᠨ ᠴᠦᠯ ᠳᠤ ᠲᠣᠬᠢᠷᠠᠭᠤᠯᠬᠤ ᠴᠢᠬᠤᠯᠠᠲᠠᠢ᠂ ᠠᠳᠡ ᠴᠠᠬᠢᠯᠭᠠᠨ ᠦᠭᠡᠢ ᠂ ᠤᠰᠤ ᠦᠭᠡᠢ  ᠂  ᠨᠡᠩ  ᠴᠤ  ᠳᠤᠯᠠᠭᠠᠯᠠᠭ᠎ᠠ  ᠪᠠᠶᠢᠬᠤ ᠦᠭᠡᠢ᠂ ᠵᠦᠪᠬᠡᠨ ᠰᠠᠯᠬᠢ ᠰᠢᠭᠤᠷᠭ᠎ᠠ ᠪᠠ ᠬᠠᠬᠢᠷ ᠬᠦᠢᠳᠡᠨ ᠲᠠᠢ ᠯᠠ ︽ᠨᠥᠬᠦᠷᠯᠡᠵᠦ︾  ᠪᠠᠶᠢᠨ᠎ᠠ᠃ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠨᠥᠬᠦᠴᠡᠯ ᠳᠤᠷᠠᠳᠬᠤ ᠥᠬᠡᠶ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠶᠢᠨ ᠬᠠᠮᠲᠤ ᠬᠢᠵᠢᠭ ᠤᠨ ᠪᠠᠶᠢᠳᠠᠯ ᠪᠠ ᠪᠤᠰᠤᠳ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠡᠯ᠎ᠡ ᠬᠢᠵᠢᠭ ᠲᠠᠢ ᠲᠡᠮᠡᠴᠡᠬᠦ ᠠᠩᠭᠢ ᠶᠢᠨ ᠠᠵᠢᠯ ᠤᠨ ᠪᠠᠶᠢᠳᠠᠯ ᠢ ᠦᠨᠳᠦᠰᠦᠯᠡᠨ ᠴᠠᠭᠳᠠᠭᠠᠨ ᠤ ᠬᠦᠴᠦᠨ ᠤ ᠳᠡᠮᠵᠢᠯᠭᠡ ᠦᠵᠡᠭᠦᠯᠪᠡ᠃
     ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠴᠠ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠡᠷᠡᠰ ᠬᠠᠲᠠᠭᠤ ᠵᠣᠷᠢᠭ ᠰᠠᠨᠠᠭ᠎ᠠ᠂ ᠪᠠᠲᠤ ᠴᠢᠩᠭ᠎ᠠ ᠢᠲᠡᠭᠡᠯ ᠵᠣᠷᠢᠭ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠤᠨ᠎ᠠ ᠭᠡᠵᠦ ᠢᠯᠡᠳᠬᠡᠵᠡᠭᠡᠪᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ