ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠤᠬᠢᠶᠠᠵᠤ ᠬᠡᠷᠡᠭᠯᠡᠭᠰᠡᠨ ᠨᠢᠭᠡ ᠬᠥᠮᠦᠨ ᠢ ᠵᠠᠰᠠᠭ ᠵᠠᠬᠢᠷᠭᠠᠨ ᠢᠶᠠᠷ ᠲᠦᠷ ᠬᠤᠷᠢᠪᠠ
ᠨᠡᠶᠢᠲᠡᠯᠡᠭᠰᠡᠨ ᠴᠠᠭ᠄
2021/11/9
     ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ      ᠵᠤᠬᠢᠶᠠᠵᠤ ᠬᠡᠷᠡᠭᠯᠡᠭᠰᠡᠨ ᠨᠢᠭᠡ ᠬᠥᠮᠦᠨ ᠢ ᠵᠠᠰᠠᠭ ᠵᠠᠬᠢᠷᠭᠠᠨ ᠢᠶᠠᠷ ᠲᠦᠷ ᠬᠤᠷᠢᠪᠠ      ᠬᠢᠵᠢᠭ ᠤᠨ ᠪᠠᠶᠢᠳᠠᠯ ᠬᠡᠦᠬᠡᠳ ᠤᠨ ᠲᠣᠭᠯᠠᠭᠠᠮ ᠪᠢᠰᠢ᠂ ᠭᠡᠪᠡᠴᠦ ᠵᠠᠷᠢᠮ ᠬᠥᠮᠦᠨ ᠬᠠᠷᠢᠨ ᠲᠦᠷ ᠴᠠᠭ ᠤᠨ ᠲᠥᠬᠦᠮ ᠤᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠥᠯᠥ ᠬᠠᠶᠢᠬᠤᠷᠤᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠳᠢᠭᠯᠢᠮ ᠢ ᠰᠠᠮᠠᠭᠤᠷᠠᠭᠤᠯᠵᠤ ᠪᠠᠶᠢᠨ᠎ᠠ᠃ ᠣᠶᠢᠷ᠎ᠠ ᠳᠤ᠂ ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠤᠬᠢᠶᠠᠵᠤ ᠬᠡᠷᠡᠭᠯᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ᠃
     ᠬᠢᠵᠢᠭ ᠤᠨ ᠪᠠᠶᠢᠳᠠᠯ ᠡᠮᠦᠨ᠎ᠡ᠂ ᠬᠠᠷᠢᠶᠠᠲᠤ ᠣᠷᠣᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠭ ᠲᠣᠮᠢᠯᠠᠭᠰᠠᠨ ᠰᠠᠯᠪᠤᠷᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠥᠷᠨᠢᠭᠦᠯᠪᠡ᠂ ᠠᠷᠠᠳ ᠤᠨ ᠴᠠᠭᠳᠠᠭ᠎ᠠ ᠬᠤᠵᠢᠷᠲᠤ ᠶᠢᠨ ᠬᠢᠨᠠᠨ ᠬᠡᠮᠵᠢᠬᠦ ᠴᠡᠭ ᠲᠤ ᠨᠠᠭᠠᠰᠢ ᠴᠠᠭᠠᠰᠢ ᠥᠩᠭᠡᠷᠡᠬᠦ ᠬᠥᠮᠦᠰ ᠢ ᠪᠠᠶᠢᠴᠠᠭᠠᠬᠤ ᠦᠶᠡᠰ᠂ ᠸᠠᠩ ᠣᠪᠣᠭᠲᠤ ᠶᠢᠨ ᠦᠵᠡᠭᠦᠯᠦᠭᠰᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠨᠢ ᠪᠤᠰᠤᠳ ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠲᠠᠢ ᠬᠠᠷᠢᠴᠠᠭᠤᠯᠪᠠᠯ᠂ ᠶᠠᠮᠠᠷ ᠨᠢᠭᠡᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠵᠤ ᠲᠠᠮᠠᠭ᠎ᠠ ᠳᠠᠷᠤᠬᠤ ᠭᠠᠵᠠᠷ ᠲᠤ ᠵᠥᠷᠢᠶ᠎ᠡ ᠲᠠᠢ᠂ ᠲᠡᠭᠡᠭᠡᠳ ᠠᠷᠠᠳ ᠤᠨ ᠴᠠᠭᠳᠠᠭ᠎ᠠ ᠸᠠᠩ ᠣᠪᠣᠭᠲᠤ ᠠᠴᠠ ᠤᠯᠠᠮ ᠨᠢᠭᠡ ᠠᠯᠬᠤᠮ ᠯᠠᠪᠯᠠᠨ ᠠᠰᠠᠭᠤᠪᠠ᠂ ᠸᠠᠩ ᠣᠪᠣᠭᠲᠤ᠄ ᠪᠢ 5 ᠳ᠋ᠤᠭᠠᠷ ᠰᠠᠷ᠎ᠠ ᠳᠤ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠡᠶ᠂ 10 ᠳ᠋ᠤᠭᠠᠷ ᠰᠠᠷ᠎ᠠ ᠶᠢᠨ ᠰᠡᠭᠦᠯᠴᠢ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶᠡᠰ ᠬᠥᠮᠦᠨ ᠨᠡᠯᠢᠶᠡᠳ ᠣᠯᠠᠨ ᠤᠷᠲᠤ ᠬᠤᠭᠤᠴᠠᠭ᠎ᠠ ᠮᠥᠷᠯᠡᠬᠦ ᠴᠢᠬᠤᠯᠠ ᠲᠠᠢ᠂ ᠸᠠᠩ ᠣᠪᠣᠭᠲᠤ ᠥᠪᠡᠷ ᠪᠡᠶ᠎ᠡ ᠳᠤ ᠪᠠᠨ ᠳᠦᠭᠦᠮ ᠢ ᠪᠤᠳᠤᠯᠬᠢᠯᠠᠵᠤ᠂ 5 ᠳ᠋ᠤᠭᠠᠷ ᠰᠠᠷ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠵᠢᠷᠤᠭ ᠵᠠᠰᠠᠬᠤ ᠵᠥᠭᠡᠯᠡᠨ ᠲᠣᠨᠤᠭ ᠢ ᠠᠰᠢᠭᠯᠠ ᠰᠢᠯᠭᠠᠨ ᠪᠠᠶᠢᠴᠠᠭᠠᠬᠤ ᠴᠠᠭ ᠢ ᠬᠤᠪᠢᠷᠠᠭᠤᠯᠤᠨ᠂ ᠡᠨᠡ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠭᠰᠠᠨ ᠮᠥᠷᠲᠡᠭᠡᠨ ᠪᠠᠶᠢᠴᠠᠭᠠᠯᠲᠠ ᠳᠤ ᠪᠡᠯᠡᠨ ᠪᠣᠯᠭᠠᠵᠤ ᠬᠡᠷᠡᠭᠯᠡᠪᠡ᠃
     ᠣᠳᠣᠬᠠᠨ ᠳᠤ᠂ ᠸᠠᠩ ᠣᠪᠣᠭᠲᠤ ᠶᠢ ᠣᠷᠳᠣᠰ ᠬᠤᠲᠠ ᠶᠢᠨ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨᠲᠡ ᠬᠠᠤᠯᠢ ᠶᠣᠰᠣᠭᠠᠷ ᠲᠦᠷ  ᠬᠤᠷᠢᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠣᠭᠲᠠᠭᠰᠠᠨ ᠭᠠᠵᠠᠷ ᠲᠤ ᠬᠦᠷᠴᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠢᠵᠢᠭ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ