3200 ᠭᠠᠷᠤᠶ ᠲᠦᠮᠡᠨ ᠵᠢᠯᠣᠭᠤᠴᠢ ᠡᠯᠧᠺᠲᠷᠣᠨ ᠵᠢᠯᠣᠭᠤᠴᠢ ᠶᠢᠨ ᠦᠨᠡᠮᠯᠡᠯ ᠢ ᠠᠮᠵᠢᠯᠲᠠ ᠲᠠᠢ ᠪᠠᠷ ᠭᠤᠶᠤᠴᠢᠯᠠᠨ ᠠᠪᠤᠪᠠ
ᠨᠡᠶᠢᠲᠡᠯᠡᠭᠰᠡᠨ ᠴᠠᠭ᠄
2021/11/9
     3200 ᠭᠠᠷᠤᠶ ᠲᠦᠮᠡᠨ ᠵᠢᠯᠣᠭᠤᠴᠢ ᠡᠯᠧᠺᠲᠷᠣᠨ ᠵᠢᠯᠣᠭᠤᠴᠢ ᠶᠢᠨ      ᠦᠨᠡᠮᠯᠡᠯ ᠢ ᠠᠮᠵᠢᠯᠲᠠ ᠲᠠᠢ ᠪᠠᠷ ᠭᠤᠶᠤᠴᠢᠯᠠᠨ ᠠᠪᠤᠪᠠ      ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠨᠠᠩ ᠣᠯᠠᠨ ᠣᠯᠠᠨ ᠲᠦᠮᠡᠨ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 10 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ 110 ᠬᠤᠲᠠ ᠶᠢᠨ ᠬᠤᠶᠠᠳᠤᠭᠠᠷ  ᠡᠭᠡᠯᠵᠢ ᠶᠢᠨ ᠵᠢᠯᠣᠭᠤᠴᠢ ᠶᠢᠨ ᠦᠨᠡᠮᠯᠡᠯ ᠤᠨ ᠡᠯᠧᠺᠲᠷᠤᠨᠴᠢᠯᠡᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠡᠯᠭᠡᠷᠡᠭᠦᠯᠦᠨ ᠬᠡᠷᠡᠭᠵᠢᠭᠦᠯᠵᠦ᠂ ᠵᠢᠯᠣᠭᠤᠴᠢ ᠵᠢᠴᠢ ᠬᠤᠯᠪᠣᠭᠳᠠᠯ ᠪᠥᠬᠦᠶ ᠠᠵᠢᠯ  ᠲᠥᠷᠥᠯ  ᠪᠠ  ᠬᠠᠮᠢᠶᠠᠷᠤᠯᠲᠠ  ᠶᠢᠨ  ᠰᠠᠯᠠᠭ᠎ᠠ  ᠮᠥᠴᠢᠷ  ᠲᠤ  ᠰᠦᠯᠵᠢᠶᠡᠨ ᠳᠡᠭᠡᠷᠡᠬᠢ ︽ᠦᠨᠡᠮᠯᠡᠯ ᠦᠵᠡᠭᠦᠯᠬᠦ︾ ︽ᠺᠣᠳ᠋ ᠦᠵᠡᠭᠦᠯᠬᠦ︾ ᠦᠢᠯᠡᠴᠢᠯᠡᠭᠡ ᠬᠠᠩᠭᠠᠬᠤ ᠪᠠᠷ ᠪᠠᠶᠢᠷᠢᠯᠠᠭᠤᠯᠪᠠ᠃ ᠣᠲᠣ ᠪᠣᠯᠲᠠᠯ᠎ᠠ᠂ ᠵᠢᠯᠣᠭᠤᠴᠢ ᠶᠢᠨ ᠦᠨᠡᠮᠯᠡᠯ ᠤᠨ ᠡᠯᠧᠺᠲᠷᠤᠨᠴᠢᠯᠠᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠨᠢᠭᠡᠨᠲᠡ 138 ᠬᠤᠲᠠ ᠶᠢ ᠬᠠᠮᠤᠷᠴᠤ᠂ ᠣᠯᠠᠨ ᠲᠦᠮᠡᠨ ᠤ ᠥᠷᠭᠡᠨ ᠳᠡᠯᠭᠡᠷ ᠠᠩᠬᠠᠷᠤᠯ ᠪᠠ ᠨᠡᠶᠢᠳᠡᠮ ᠤᠨ ᠬᠦᠷᠢᠶᠡᠯᠡᠯ ᠢ ᠣᠯᠵᠤ᠂ 3200 ᠭᠠᠷᠤᠶ ᠲᠦᠮᠡᠨ ᠵᠢᠯᠣᠭᠤᠴᠢ ᠡᠯᠧᠺᠲᠷᠤᠨᠴᠢᠯᠡᠭᠰᠡᠨ ᠵᠢᠯᠣᠭᠤᠴᠢ ᠶᠢᠨ ᠦᠨᠡᠮᠯᠡᠯ ᠢ ᠠᠮᠵᠢᠯᠲᠠ ᠲᠠᠢ ᠪᠠᠷ ᠭᠤᠶᠤᠴᠢᠯᠠᠨ ᠠᠪᠤᠭᠰᠠᠨ ᠪᠠᠶᠢᠨ᠎ᠠ᠃      9 ᠳ᠋ᠦ᠋ᠭᠡᠷ ᠰᠠᠷ᠎ᠠ ᠶᠢᠨ 1 ᠤ ᠡᠳᠦᠷ᠂ ᠵᠢᠯᠣᠭᠤᠴᠢ ᠶᠢᠨ ᠦᠨᠡᠮᠯᠡᠯ ᠢ ᠡᠯᠧᠺᠲᠷᠤᠨᠴᠢᠯᠠᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠡᠭᠡᠵᠢᠩ᠂ ᠱᠠᠩᠬᠠᠶ ᠵᠡᠷᠭᠡ 28  ᠬᠤᠲᠠ  ᠳᠤ  ᠠᠩᠬ᠎ᠠ  ᠤᠳᠠᠭ᠎ᠠ  ᠳᠡᠯᠭᠡᠷᠡᠭᠦᠯᠦᠨ ᠬᠡᠷᠡᠭᠵᠢᠭᠦᠯᠵᠦ᠂ 10 ᠳ᠋ᠤᠭᠠᠷ ᠰᠠᠷ᠎ᠠ ᠶᠢᠨ 20 ᠤ ᠡᠳᠦᠷ ᠲᠠᠶᠢᠶᠤᠸᠠᠨ᠂ ᠱᠧᠨᠶᠠᠩ ᠵᠡᠷᠭᠡ 110 ᠬᠤᠲᠠ ᠳᠤ ᠬᠤᠶᠠᠳᠤᠭᠠᠷ ᠡᠭᠡᠯᠵᠢ ᠳᠡᠯᠭᠡᠷᠡᠭᠦᠯᠦᠨ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠮ ᠬᠠᠷᠢᠯᠴᠠᠭᠠᠨ ᠤ ᠬᠠᠮᠢᠶᠠᠷᠤᠯᠲᠠ︾ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠶᠠᠪᠤᠳᠠᠯ ᠭᠦᠢᠴᠡᠳᠬᠡᠬᠦ ᠭᠠᠷ ᠭᠦᠢᠴᠡᠳᠬᠡᠯ ᠤᠨ ᠮᠠᠲ᠋ᠧᠷᠢᠶᠠᠯ ᠢ ᠳᠥᠭᠦᠮᠴᠢᠯᠡᠵᠦ᠂ ᠦᠨᠡᠮᠯᠡᠯ ᠬᠡᠷᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠦᠵᠡᠭᠦᠯᠵᠦ᠂ ᠠᠵᠤ ᠠᠬᠤᠶᠢᠯᠠᠯ ᠠᠵᠢᠯ ᠲᠥᠷᠥᠯ ᠤᠨ ᠬᠥᠭᠵᠢᠯᠲᠡ ᠳᠤ ᠦᠢᠯᠡᠴᠢᠯᠡᠬᠦ ᠳᠤ ᠨᠠᠩ ᠲᠥᠬᠦᠮ ᠦᠵᠡᠭᠦᠯᠪᠡ᠃ ᠣᠶᠢᠯᠠᠭᠠᠭᠰᠠᠨ ᠢᠶᠠᠷ᠂ ᠵᠢᠯᠣᠭᠤᠴᠢ ᠶᠢᠨ ᠡᠯᠧᠺᠲᠷᠣᠨ ᠦᠨᠡᠮᠯᠡᠯ ᠢ ᠪᠥᠬᠦ ᠤᠯᠤᠰ ᠤᠨ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ App ᠢᠶᠠᠷ ᠳᠠᠮᠵᠢᠭᠤᠯᠤᠨ ᠣᠯᠭᠤᠵᠤ᠂ ᠬᠥᠮᠦᠨ ᠤ ᠵᠢᠰᠦ ᠶᠢ ᠢᠯᠭᠠᠨ ᠲᠠᠨᠢᠬᠤ ᠪᠡᠶ᠎ᠡ ᠶᠢᠨ ᠬᠢᠷᠢ ᠬᠡᠮ ᠢ ᠰᠢᠯᠭᠠᠨ ᠪᠠᠲᠤᠯᠠᠬᠤ᠂ ᠲᠥᠪᠯᠡᠷᠡᠩᠭᠦᠶ ᠳ᠋ᠠᠶᠢᠲ᠋ᠠ ᠶᠢᠨ ᠬᠥᠮᠥᠷᠭᠡ ᠶᠢ ᠨᠢᠭᠤᠴᠠᠯᠠᠨ ᠬᠠᠷᠭᠤᠭᠤᠯᠤᠨ ᠰᠢᠯᠭᠠᠬᠤ ᠵᠡᠷᠭᠡ ᠣᠶᠤᠨᠴᠢ ᠮᠡᠷᠭᠡᠵᠢᠯ ᠢ ᠬᠡᠷᠡᠭᠯᠡᠨ᠂ ᠨᠢᠭᠡᠳᠦᠯᠲᠦ ᠴᠢᠨᠠᠷ᠂ ᠲᠤᠬᠠᠶ ᠶᠢᠨ ᠴᠠᠭ ᠤᠨ ᠴᠢᠨᠠᠷ᠂ ᠠᠶᠤᠯ ᠦᠭᠡᠢ ᠴᠢᠨᠠᠷ ᠢ ᠪᠠᠲᠤᠯᠠᠪᠠ᠃ ᠡᠯᠧᠺᠲᠷᠣᠨ ᠵᠢᠯᠣᠭᠤᠴᠢ ᠶᠢᠨ ᠦᠨᠡᠮᠯᠡᠯ ᠨᠢ ᠴᠠᠭᠠᠰᠤᠨ ᠵᠢᠯᠣᠭᠤᠴᠢ ᠶᠢᠨ ᠦᠨᠡᠮᠯᠡᠯ ᠲᠠᠢ ᠠᠳᠠᠯᠢᠬᠠᠨ ᠬᠦᠴᠦᠨ ᠲᠠᠢ ᠪᠠᠶᠢᠵᠤ᠂ ᠰᠦᠯᠵᠢᠶᠡᠨ ᠳᠡᠭᠡᠷ᠎ᠡ ᠭᠤᠶᠤᠴᠢᠯᠠᠨ ᠠᠪᠬᠤ᠂ ᠰᠦᠯᠵᠢᠶᠡᠨ ᠳᠡᠭᠡᠷ᠎ᠡ ᠭᠠᠷᠭᠠᠨ ᠦᠵᠡᠭᠦᠯᠬᠦ ᠨᠢ ᠣᠯᠠᠨ ᠲᠦᠮᠡᠨ  ᠤ  ᠮᠡᠳᠡᠭᠡ  ᠵᠠᠩᠭᠢᠵᠢᠯᠲᠠ  ᠶᠢᠨ  ᠴᠠᠭ  ᠦᠶ᠎ᠡ ᠶᠢᠨ ︽ᠠᠯᠠᠭᠠᠨ ᠳᠡᠭᠡᠷ᠎ᠡ ᠪᠠᠨ ᠠᠵᠢᠯ ᠶᠠᠪᠤᠳᠠᠯ ᠭᠦᠢᠴᠡᠳᠬᠡᠬᠦ︾ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠤᠯᠢ ᠪᠠᠷ ᠲᠣᠭᠲᠠᠭᠠᠭᠰᠠᠨ ᠦᠨᠡᠮᠯᠡᠯ ᠤᠨ ᠤᠶᠤᠨᠴᠢᠯᠠᠯᠲᠠ ᠶᠢᠨ ᠰᠢᠨ᠎ᠡ ᠶᠢ ᠡᠭᠦᠳᠪᠡ᠃ ᠡᠯᠧᠺᠲᠷᠣᠨ ᠵᠢᠯᠣᠭᠤᠴᠢ ᠶᠢᠨ ᠦᠨᠡᠮᠯᠡᠯ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠥᠬᠦ ᠤᠯᠤᠰ ᠤᠨ ᠬᠥᠮᠦᠨ ᠠᠮᠠ ᠶᠢᠨ ᠲᠤᠭ᠎ᠠ ᠪᠠᠷᠢᠮᠲᠠ ᠵᠡᠷᠭᠡ ᠲᠠᠢ ᠬᠤᠯᠪᠣᠭᠳᠠᠭᠤᠯᠤᠨ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠡᠯᠧᠺᠲᠷᠣᠨ ᠵᠢᠯᠣᠭᠤᠴᠢ ᠶᠢᠨ ᠦᠨᠡᠮᠯᠡᠯ ᠤᠨ ᠡᠷᠬᠡ ᠰᠦᠷᠲᠦ ᠴᠢᠨᠠᠷ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠪᠠᠲᠤᠯᠠᠵᠤ᠂ ᠣᠯᠠᠨ ᠲᠦᠮᠡᠨ ᠤ ᠲᠤᠰᠢᠶᠠᠬᠤ ᠭᠡᠷᠡᠴᠢᠯᠡᠬᠦ ᠮᠠᠲ᠋ᠧᠷᠢᠶᠠᠯ ᠢ ᠪᠠᠭᠠᠰᠬᠠᠨ᠂ ᠲᠣᠮᠣ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠪᠠ᠃ ᠡᠯᠧᠺᠲᠷᠣᠨ ᠵᠢᠯᠣᠭᠤᠴᠢ ᠶᠢᠨ ᠦᠨᠡᠮᠯᠡᠯ ᠨᠢ ᠭᠠᠷ ᠤᠲᠠᠰᠤᠨ ᠤ ᠰᠦᠯᠵᠢᠶᠡᠨ ᠳᠡᠭᠡᠷ᠎ᠡ ︽ᠦᠨᠡᠮᠯᠡᠯ ᠦᠵᠡᠭᠦᠯᠬᠦ︾ ︽ᠺᠣᠳ᠋ ᠦᠵᠡᠭᠦᠯᠬᠦ︾ ᠢ ᠪᠡᠶᠡᠯᠡᠭᠦᠯᠵᠦ᠂ ᠪᠥᠬᠦ ᠤᠯᠤᠰ ᠤᠨ ᠬᠡᠪᠴᠢᠶᠡᠨ ᠳᠤ ᠬᠦᠴᠦᠨ ᠲᠠᠢ᠂ ᠵᠠᠮ ᠬᠠᠷᠢᠯᠴᠠᠭᠠᠨ  ᠤ  ᠬᠠᠮᠢᠶᠠᠷᠤᠯᠲᠠ  ᠶᠢᠨ  ᠲᠤᠬᠠᠶᠢᠯᠠᠭᠰᠠᠨ  ᠠᠵᠢᠯ  ᠢ ᠭᠦᠢᠴᠡᠳᠬᠡᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠯᠢᠶᠡᠬᠦ ᠳᠤ ᠪᠠᠨ ᠭᠠᠷᠭᠠᠨ ᠦᠵᠡᠭᠦᠯᠵᠦ ᠬᠡᠷᠡᠭᠯᠡᠵᠦ ᠪᠣᠯᠤᠨ᠎ᠠ᠂ ᠦᠨᠡᠮᠯᠡᠯ ᠤᠨ ᠬᠡᠷᠡᠭᠯᠡᠯᠲᠡ ᠶᠢᠨ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠥᠭᠦᠮ ᠳᠥᠲᠡ ᠬᠡᠮᠵᠢᠶ᠎ᠡ ᠶᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠡᠯᠧᠺᠲᠷᠣᠨ ᠵᠢᠯᠣᠭᠤᠴᠢ ᠶᠢᠨ ᠦᠨᠡᠮᠯᠡᠯ ᠢ ᠠᠶᠠᠨᠴᠢᠳ ᠪᠠ ᠪᠠᠷᠠᠭᠠᠨ ᠤ ᠲᠡᠭᠡᠭᠡᠪᠦᠷᠢ᠂ ᠮᠠᠰᠢᠨ ᠲᠡᠷᠭᠡ ᠲᠦᠷᠢᠶᠡᠰᠦᠯᠡᠬᠦ᠂ ᠳᠠᠭᠠᠳᠬᠠᠯ ᠬᠤᠳᠠᠯᠳᠤᠨ ᠠᠪᠬᠤ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠠ ᠲᠡᠷᠭᠡ ᠵᠢᠯᠣᠭᠤᠳᠴᠤ ᠭᠠᠳᠠᠭᠰᠢ ᠭᠠᠷᠬᠤ ᠳᠤ ᠨᠠᠩ ᠲᠥᠬᠦᠮ ᠦᠵᠡᠭᠦᠯᠵᠦ᠂ ᠡᠵᠡᠩᠨᠡᠨ ᠡᠷᠭᠢᠯᠡᠬᠦ ᠣᠷᠴᠢᠨ ᠨᠥᠬᠦᠴᠡᠯ ᠢ ᠨᠠᠩ ᠴᠢᠨᠠᠭᠰᠢᠳᠠ ᠰᠢᠯᠢᠳᠡᠭᠵᠢᠭᠦᠯᠵᠦ ᠴᠢᠳᠠᠨ᠎ᠠ᠃      ᠣᠶᠢᠯᠠᠭᠠᠭᠰᠠᠨ ᠢᠶᠠᠷ᠂ ᠵᠢᠯᠣᠭᠤᠴᠢ ᠶᠢᠨ ᠦᠨᠡᠮᠯᠡᠯ ᠢ ᠡᠯᠧᠺᠲᠷᠦᠨᠴᠢᠯᠡᠬᠦ ᠬᠤᠶᠠᠳᠤᠭᠠᠷ ᠡᠭᠡᠯᠵᠢ ᠶᠢᠨ ᠳᠡᠯᠭᠡᠷᠡᠭᠦᠯᠦᠨ ᠬᠡᠷᠡᠭᠯᠡᠬᠦ ᠬᠤᠲᠠ ᠣᠯᠠᠨ᠂ ᠬᠠᠮᠤᠷᠬᠤ ᠬᠡᠪᠴᠢᠶ᠎ᠡ ᠨᠢ ᠥᠷᠭᠡᠨ᠂ ᠭᠤᠶᠤᠴᠢᠯᠠᠯ ᠤᠨ ᠣᠷᠭᠢᠯ ᠦᠶ᠎ᠡ ᠶᠢᠨ ᠳᠠᠷᠤᠯᠲᠠ ᠶᠡᠭᠡ ᠪᠠᠶᠢᠵᠤ᠂ ᠡᠯᠧᠺᠲᠷᠣᠨ ᠵᠢᠯᠣᠭᠤᠴᠢ ᠶᠢᠨ ᠦᠨᠡᠮᠯᠡᠯ ᠢ ᠴᠠᠭ ᠲᠤᠬᠠᠶ ᠳᠤ ᠨᠢ ᠬᠦᠯᠢᠶᠡᠨ ᠠᠪᠴᠤ ᠰᠢᠢᠳᠪᠦᠷᠢᠯᠡᠬᠦ᠂ ᠴᠠᠭ ᠲᠤᠬᠠᠶ ᠳᠤ ᠨᠢ ᠪᠤᠶ ᠪᠣᠯᠭᠠᠬᠤ᠂ ᠴᠠᠭ ᠲᠤᠬᠠᠶ ᠳᠤ ᠨᠢ ᠣᠯᠭᠤᠬᠤ ᠶᠢ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠᠨ ᠨᠠᠷᠢᠯᠢᠬᠵᠢᠭᠤᠯᠵᠤ᠂ ᠠᠵᠢᠯ ᠤᠨ ᠲᠥᠰᠦᠯ ᠪᠠ ᠮᠡᠷᠭᠡᠵᠢᠯ ᠤᠨ ᠲᠥᠰᠦᠯ ᠲᠣᠭᠲᠠᠭᠠᠨ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ᠂ ᠲᠥᠬᠦᠭᠡᠷᠦᠮᠵᠢ᠂ ᠰᠢᠰᠲ᠋ᠧᠮ ᠵᠡᠷᠭᠡ ᠡᠯ᠎ᠡ ᠵᠦᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠴᠤ᠂ 10 ᠳ᠋ᠤᠭᠠᠷ ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ 3 ᠡᠭᠡᠯᠵᠢ ᠬᠤᠪᠢᠶᠠᠨ ᠡᠯᠧᠺᠲᠷᠣᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠴᠢᠳᠠᠮᠵᠢ ᠶᠢ ᠰᠦᠯᠵᠢᠶᠡᠨ ᠳᠤ ᠭᠠᠷᠭᠠᠵᠤ᠂ ᠵᠢᠯᠣᠭᠤᠴᠢ ᠶᠢᠨ ᠦᠨᠡᠮᠯᠡᠯ ᠢ ᠡᠯᠧᠺᠲᠷᠤᠨᠴᠢᠯᠠᠨ ᠬᠡᠷᠡᠭᠯᠡᠬᠦ ᠶᠢ ᠦᠨᠡᠨ ᠬᠦ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠵᠢᠯᠣᠭᠤᠴᠢ ᠶᠢᠨ ᠦᠨᠡᠮᠯᠡᠯ ᠢ ᠪᠥᠬᠦ ᠤᠯᠤᠰ ᠲᠤ ᠡᠯᠧᠺᠲᠷᠤᠨᠴᠢᠯᠡᠨ ᠳᠡᠯᠭᠡᠷᠡᠭᠦᠯᠦᠨ ᠬᠡᠷᠡᠭᠯᠡᠬᠦ ᠶᠢ ᠲᠦᠷᠭᠡᠪᠴᠢᠯᠡᠨ ᠠᠬᠢᠭᠤᠯᠵᠤ᠂ ᠡᠨᠡ ᠵᠢᠯ ᠰᠡᠭᠦᠯᠴᠢ ᠪᠤᠯᠲᠠᠯ᠎ᠠ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠴᠢᠷᠮᠠᠶᠢᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠥᠷᠭᠡᠳᠬᠡᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠳᠥᠭᠦᠮᠴᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ