2000 ᠺᠢᠯᠣᠮᠧᠲᠷ ᠤᠷᠲᠤ ᠵᠠᠮ ᠤᠨ ᠠᠶᠠᠨ ᠳᠤ 7650 ᠬᠥᠮᠦᠨ ᠢ ᠠᠮᠤᠷ ᠲᠦᠪᠰᠢᠨ ᠢᠶᠠᠷ ᠬᠠᠮᠠᠭᠠᠯᠠᠨ ᠬᠦᠷᠭᠡᠪᠡ
ᠨᠡᠶᠢᠲᠡᠯᠡᠭᠰᠡᠨ ᠴᠠᠭ᠄
2021/11/9
     2000 ᠺᠢᠯᠣᠮᠧᠲᠷ ᠤᠷᠲᠤ ᠵᠠᠮ ᠤᠨ ᠠᠶᠠᠨ ᠳᠤ 7650      ᠬᠥᠮᠦᠨ ᠢ ᠠᠮᠤᠷ ᠲᠦᠪᠰᠢᠨ ᠢᠶᠠᠷ ᠬᠠᠮᠠᠭᠠᠯᠠᠨ ᠬᠦᠷᠭᠡᠪᠡ      ᠡᠵᠡᠨ᠎ᠡ ᠳᠤ ᠰᠠᠭᠠᠲᠠᠭᠰᠠᠨ ᠠᠶᠠᠨᠴᠢᠳ ᠢ ᠰᠢᠯᠵᠢᠭᠦᠯᠦᠨ ᠵᠦᠭᠡᠭᠡᠪᠦᠷᠢᠯᠡᠬᠦ ᠠᠵᠢᠯ ᠳᠤᠮᠳᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠵᠠᠷᠯᠢᠭ ᠢ ᠣᠯᠣᠮᠠᠭᠴᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠪᠠᠶᠢᠭᠤᠯᠭ᠎ᠠ ᠂ ᠳᠡᠭᠡᠳᠦ ᠬᠤᠷᠳᠤ ᠵᠠᠰᠠᠮᠠᠯ ᠵᠠᠮ ᠤᠨ ᠨᠢᠭᠡᠳᠦᠭᠡᠷ᠂ ᠭᠤᠷᠪᠠᠳᠤᠭᠠᠷ ᠰᠠᠯᠪᠤᠷᠢ ᠠᠩᠬᠢ ᠶᠢᠨ 48 ᠠᠷᠠᠳ ᠤᠨ ᠴᠠᠭᠳᠠᠭ᠎ᠠ᠂ 21 ᠴᠠᠭᠳᠠᠭᠠᠨ ᠤ ᠲᠡᠷᠭᠡ ᠶᠢᠨ ᠭᠠᠪᠰᠢᠭᠠᠢ ᠠᠩᠬᠢ ᠶᠢ ᠪᠠᠶᠢᠭᠤᠯᠵᠤ᠂ 1 ᠴᠠᠭ ᠤᠨ ᠳᠣᠲᠣᠷ᠎ᠠ ᠴᠤᠭᠯᠠᠷᠠᠨ ᠬᠥᠬᠡᠬᠤᠲᠠ ᠠᠴᠠ ᠡᠵᠡᠨ᠎ᠡ ᠬᠤᠰᠢᠭᠤᠨ ᠳᠤ ᠬᠦᠷᠴᠦ᠂ ᠰᠠᠭᠠᠲᠠᠭᠰᠠᠨ ᠠᠶᠠᠨᠴᠢᠳ ᠢ ᠵᠥᠭᠡᠭᠡᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠲᠦᠷᠭᠡᠨ ᠥᠷᠨᠢᠭᠦᠯᠪᠡ᠃      ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠠᠭᠠᠯᠠᠨ ᠬᠦᠷᠭᠡᠬᠦ ᠨᠠᠷᠢᠨ ᠲᠥᠰᠦᠯ ᠢ ᠲᠣᠭᠲᠠᠭᠠᠵᠤ᠂ ᠬᠠᠷᠢᠶᠠᠲᠤ ᠣᠷᠣᠨ ᠤ ᠵᠠᠮ ᠳᠠᠭᠠᠤ ᠶᠢᠨ ᠰᠦᠢᠳᠬᠡᠯ ᠬᠤᠷᠢᠶᠠᠬᠤ ᠥᠷᠲᠡᠭᠡ ᠳᠤ ᠣᠷᠣᠬᠤ ᠪᠠᠷᠠᠭᠠᠨ ᠤ ᠲᠡᠷᠭᠡ ᠪᠣᠯᠤᠨ ᠠᠶᠤᠯᠲᠠᠶ ᠬᠢᠮᠢ ᠶᠢᠨ ᠲᠡᠷᠭᠡ ᠶᠢ ᠲᠦᠷ ᠬᠠᠮᠢᠶᠠᠷᠤᠨ ᠡᠵᠡᠮᠳᠡᠬᠦ ᠶᠢᠨ ᠬᠠᠮᠲᠤ ᠵᠠᠮ ᠪᠠᠶᠢᠴᠠᠭᠠᠬᠤ ᠲᠡᠷᠭᠡ᠂ ᠠᠳᠡᠯ ᠢ ᠰᠢᠢᠳᠪᠦᠷᠢᠯᠡᠬᠦ ᠪᠡᠯᠡᠳᠬᠡᠯ ᠲᠡᠷᠭᠡ ᠵᠡᠷᠭᠡ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ ᠶᠢ ᠲᠣᠮᠢᠯᠠᠨ ᠪᠡᠯᠡᠳᠭᠡᠪᠡ᠃ ᠡᠭᠦᠨ ᠤ ᠬᠠᠮᠲᠤ᠂ ᠳᠡᠭᠡᠳᠦ ᠬᠤᠷᠳᠤ ᠵᠠᠰᠠᠮᠠᠯ ᠵᠠᠮ ᠤᠨ ᠺᠣᠮᠫᠠᠨᠢ ᠶᠢᠨ ᠵᠠᠮ ᠤᠨ ᠶᠠᠪᠤᠳᠠᠯ᠂ ᠠᠷᠠᠴᠢᠯᠠᠨ ᠬᠠᠮᠠᠭᠠᠯᠠᠬᠤ᠂ ᠰᠦᠢᠳᠬᠡᠯ ᠬᠤᠷᠢᠶᠠᠬᠤ ᠭᠠᠵᠠᠷ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ ᠬᠠᠮᠵᠢᠯᠴᠠᠨ ᠠᠵᠢᠯ ᠢᠶᠠᠨ ᠥᠷᠨᠢᠭᠦᠯᠪᠡ᠃      ᠪᠦᠬᠦ᠋ᠢᠯᠡ ᠵᠥᠭᠡᠭᠡᠪᠦᠷᠢᠯᠡᠬᠦ ᠶᠠᠪᠤᠴᠠ ᠶᠢᠨ ᠥᠨᠳᠥᠷ ᠪᠦᠲᠦᠮᠵᠢᠲᠡᠶ᠂ ᠠᠮᠤᠷ ᠲᠦᠪᠰᠢᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠠᠮ ᠳᠤᠮᠳᠠᠬᠢ ᠳᠡᠭᠡᠳᠦ ᠬᠤᠷᠳᠤ ᠵᠠᠰᠠᠮᠠᠯ ᠵᠠᠮ ᠢ ᠲᠠᠩ ᠴᠢᠭᠯᠡᠯ ᠢᠶᠠᠷ ᠪᠢᠲᠡᠭᠦᠮᠵᠢᠯᠡᠵᠦ᠂ ᠪᠤᠰᠤᠳ ᠵᠠᠮ ᠢ ᠪᠥᠬᠦ ᠱᠤᠭᠤᠮ ᠢᠶᠠᠷ ᠪᠢᠲᠡᠭᠦᠮᠵᠢᠯᠡᠵᠦ᠂ ᠵᠠᠮ ᠳᠠᠭᠠᠤ ᠶᠢᠨ ᠰᠦᠢᠳᠬᠡᠯ ᠬᠤᠷᠢᠶᠠᠬᠤ ᠥᠷᠲᠡᠭᠡ ᠳᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠭᠰᠡᠨ ᠪᠥᠭᠡᠳ ᠵᠠᠮ ᠳᠠᠭᠠᠤ ᠳᠤ 5 ᠲᠥᠪᠯᠡᠷᠡᠩᠭᠦᠶ ᠲᠣᠰᠣ ᠨᠡᠮᠡᠬᠦ ᠴᠡᠭ ᠭᠠᠷᠭᠠᠭᠰᠠᠨ ᠪᠠᠶᠢᠨ᠎ᠠ᠃ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠪᠰᠢᠭᠠᠶ ᠠᠩᠭᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠰᠢᠯᠵᠢᠮᠡᠯ ᠲᠣᠰᠣ ᠨᠡᠮᠡᠬᠦ ᠲᠡᠷᠭᠡ᠂ ᠪᠠᠴᠢᠮ ᠠᠪᠤᠷᠠᠯᠳᠠ ᠶᠢᠨ ᠡᠮᠴᠢᠯᠡᠭᠡᠨ ᠤ ᠲᠡᠷᠭᠡ ᠪᠣᠯᠤᠨ ᠲᠡᠷᠭᠡ ᠬᠥᠰᠬᠡ ᠶᠢᠨ ᠰᠡᠯᠪᠢᠨ ᠵᠠᠰᠠᠬᠤ ᠪᠠᠲᠤᠯᠠᠭ᠎ᠠ ᠶᠢᠨ ᠲᠡᠷᠭᠡ ᠶᠢ ᠬᠠᠪᠰᠤᠷᠭᠠᠵᠤ᠂ ᠵᠠᠮ ᠬᠠᠷᠢᠯᠴᠠᠭᠠᠨ ᠤ ᠵᠠᠮ ᠤᠨ ᠶᠠᠪᠤᠳᠠᠯ᠂ ᠡᠷᠡᠭᠦᠯ ᠬᠠᠮᠠᠭᠠᠯᠠᠯ ᠤᠨ ᠬᠤᠷᠢᠶ᠎ᠠ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠪᠣᠯᠤᠨ ᠵᠠᠮ ᠳᠠᠭᠠᠤ ᠶᠢᠨ ᠰᠤᠮᠤ ᠪᠠᠯᠭᠠᠰᠤᠨ ᠤ ᠠᠵᠢᠯᠲᠠᠳ ᠲᠠᠢ ᠬᠠᠮᠲᠤ ᠪᠠᠷ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠥᠷᠨᠢᠭᠦᠯᠪᠡ᠃      ᠨᠠᠭᠠᠰᠢ ᠴᠠᠭᠠᠰᠢ 20 ᠭᠠᠷᠤᠢ ᠴᠠᠭ ᠬᠡᠷᠡᠭᠰᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ 170 ᠲᠤᠮᠤ᠂ ᠳᠤᠮᠳᠠ᠂ ᠪᠠᠭ᠎ᠠ ᠵᠤᠭᠠᠴᠠᠯ ᠤᠨ ᠳᠠᠭᠠᠭᠠᠴᠢᠯᠠᠭᠰᠠᠨ ᠲᠡᠷᠭᠡ᠂ ᠨᠡᠶᠢᠳᠡ 2592 ᠠᠶᠠᠨᠴᠢᠨ ᠢ ᠪᠤᠭᠤᠲᠤ ᠬᠤᠳᠠ ᠶᠢᠨ 6 ᠬᠤᠰᠢᠭᠤ ᠲᠣᠭᠤᠷᠢᠭ ᠤᠨ 33 ᠲᠥᠪᠯᠡᠷᠡᠭᠦᠯᠦᠨ ᠲᠤᠰᠠᠭᠠᠷᠯᠠᠭᠰᠠᠨ ᠪᠠᠭᠤᠳᠠᠯ ᠳᠤ ᠠᠮᠤᠷ ᠲᠦᠪᠰᠢᠨ ᠢᠶᠠᠷ ᠰᠢᠯᠵᠢᠭᠦᠯᠦᠨ ᠬᠦᠷᠭᠡᠪᠡ᠃ ᠬᠠᠮᠤᠭ ᠰᠡᠭᠦᠯᠴᠢ ᠶᠢᠨ ᠨᠢᠭᠡ ᠲᠣᠮᠣ ᠰᠠᠭᠤᠳᠠᠯ ᠤᠨ ᠮᠠᠰᠢᠨ ᠲᠡᠷᠭᠡ  ᠲᠣᠭᠲᠠᠭᠰᠠᠨ ᠣᠷᠣᠨ ᠳᠤ ᠠᠮᠤᠷ ᠲᠦᠪᠰᠢᠨ ᠢᠶᠠᠷ ᠬᠦᠷᠴᠦ ᠢᠷᠡᠬᠦ ᠶᠢ ᠳᠠᠭᠠᠯᠳᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰ ᠤᠳᠠᠭᠠᠨ ᠤ ᠬᠠᠮᠠᠭᠠᠯᠠᠨ ᠬᠦᠷᠭᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠰᠡᠳᠬᠢᠯ ᠵᠢᠷᠦᠬᠡ ᠪᠠᠨ ᠬᠤᠯᠪᠣᠵᠤ᠂ ᠬᠢᠵᠢᠭ ᠤᠨ ᠪᠠᠶᠢᠳᠠᠯ ᠢ ᠬᠠᠮᠲᠤᠪᠠᠷ ᠡᠵᠡᠮᠳᠡᠬᠦ ᠶᠢᠨ ᠲᠥᠯᠥᠭᠡ᠂ 2000 ᠺᠢᠯᠣᠮᠧᠲᠷ ᠤᠨ ᠤᠷᠳᠤ ᠵᠠᠮ ᠢ ᠬᠠᠮᠠᠭᠠᠯᠠᠨ ᠬᠦᠷᠭᠡᠪᠡ᠃ ᠬᠡᠳᠦ᠋ᠢᠪᠡᠷ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠴᠥᠮ ᠪᠡᠶ᠎ᠡ ᠮᠠᠬᠠᠪᠣᠳ ᠪᠠ ᠰᠡᠳᠬᠢᠴᠡ ᠶᠢᠨ ᠯᠤᠲᠤ ᠶᠡᠭᠡ ᠳᠠᠷᠤᠯᠲᠠ ᠳᠤ ᠤᠴᠠᠷᠠᠵᠤ ᠪᠠᠶᠢᠭ᠎ᠠ ᠪᠣᠯᠪᠠᠴᠤ ᠬᠡᠨ ᠴᠦ ᠭᠡᠳ ᠬᠡᠯᠡᠵᠦ ᠢᠯᠡᠷᠬᠡᠶᠢᠯᠡᠬᠦ ᠦᠭᠡᠢ᠂ ᠤᠴᠢᠷ ᠨᠢ ᠰᠡᠳᠬᠢᠯ ᠢᠶᠠᠨ ᠨᠢᠭᠡᠳᠬᠡᠨ ᠬᠢᠵᠢᠭ ᠲᠠᠢ ᠡᠰᠡᠷᠭᠦᠴᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠦᠭᠡᠢ ᠪᠤᠯ ᠪᠤᠴᠠᠬᠤ ᠦᠭᠡᠢ ᠭᠡᠳᠡᠭ ᠪᠣᠯ ᠪᠦᠬᠦ ᠠᠷᠠᠳ ᠤᠨ ᠴᠠᠭᠳᠠᠭ᠎ᠠ ᠶᠢᠨ ᠪᠠᠲᠤ ᠰᠠᠬᠢᠬᠤ ᠢᠲᠡᠭᠡᠯ ᠵᠣᠷᠢᠭ ᠮᠥᠨ︕
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ