ᠳᠣᠲᠣᠭᠠᠳᠤ ᠶᠢ ᠬᠠᠮᠠᠭᠠᠯᠠᠬᠤ ᠶᠠᠮᠤᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ  ᠬᠡᠷᠡᠭ  ᠪᠠᠶᠢᠲᠠᠯ᠎ᠠ  ᠥᠯᠥ ᠳᠠᠩᠰᠠᠯᠠᠬᠤ᠂ ᠬᠡᠷᠡᠭ ᠢ ᠳᠠᠷᠤᠭᠠᠳ ᠥᠯᠥ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ ᠵᠡᠷᠭᠡ ᠠᠷᠬᠠᠭ ᠬᠡᠮ ᠢ ᠴᠢᠩᠭ᠎ᠠ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2021/11/9
     ᠳᠣᠲᠣᠭᠠᠳᠤ ᠶᠢ ᠬᠠᠮᠠᠭᠠᠯᠠᠬᠤ ᠶᠠᠮᠤᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠶᠢᠴᠠᠭᠠᠨ ᠵᠠᠯᠠᠷᠠᠭᠤᠯᠵᠤ      ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ ᠬᠡᠷᠡᠭ ᠪᠠᠶᠢᠲᠠᠯ᠎ᠠ ᠥᠯᠥ ᠳᠠᠩᠰᠠᠯᠠᠬᠤ᠂      ᠬᠡᠷᠡᠭ ᠢ ᠳᠠᠷᠤᠭᠠᠳ ᠥᠯᠥ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ ᠵᠡᠷᠭᠡ      ᠠᠷᠬᠠᠭ ᠬᠡᠮ ᠢ ᠴᠢᠩᠭ᠎ᠠ ᠴᠡᠭᠴᠡᠯᠡᠨ ᠵᠠᠰᠠᠪᠠ      ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ︽ᠴᠢᠩᠭ᠎ᠠ︾ ᠪᠠᠶᠢᠬᠤ ᠭᠤᠤᠯ ᠬᠥᠭ ᠠᠶᠠᠰ ᠢ ᠪᠠᠷᠢᠮᠲᠠᠯᠠᠨ᠂ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠲᠠᠰᠤᠷᠠᠯᠲᠠ ᠥᠬᠡᠶ ᠭᠦᠨᠵᠡᠭᠡᠶ ᠠᠬᠢᠭᠤᠯᠵᠤ᠂ ︽ᠬᠡᠷᠡᠭ ᠪᠠᠶᠢᠲᠠᠯ᠎ᠠ ᠥᠯᠥ ᠳᠠᠩᠰᠠᠯᠠᠬᠤ᠂ ᠬᠡᠷᠡᠭ ᠢ ᠳᠠᠷᠤᠭᠠᠳ ᠥᠯᠥ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ︾ ᠵᠡᠷᠭᠡ ᠠᠷᠬᠠᠭ ᠭᠡᠮ ᠢ ᠴᠡᠭᠴᠡᠯᠡᠨ ᠵᠠᠰᠠᠬᠤ ᠭᠤᠤᠯᠳᠠᠯᠭ᠎ᠠ ᠪᠣᠯᠭᠠᠵᠤ᠂ ᠨᠢᠭᠡᠳᠦᠭᠡᠷ ᠡᠭᠡᠯᠵᠢ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠭᠤᠴᠠᠭᠠᠨ ᠳᠤ ᠬᠠᠮᠢᠶ᠎ᠠ ᠪᠥᠬᠦᠶ ᠠᠰᠠᠭᠤᠳᠠᠯ ᠢ ᠨᠡᠶᠢᠲᠡ 27.3 ᠲᠦᠮᠡ ᠭᠠᠷᠤᠶ ᠴᠡᠭᠴᠡᠯᠡᠨ ᠰᠠᠶᠢᠵᠢᠷᠠᠭᠤᠯᠵᠤ᠂ ᠬᠤᠶᠠᠳᠤᠭᠠᠷ ᠡᠭᠡᠯᠵᠢ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠨᠢᠭᠡᠴᠡ ᠠᠴᠠ ᠨᠢᠭᠡᠨᠲᠡ 1600 ᠭᠠᠷᠤᠶ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠱᠠᠲᠤᠴᠢ ᠴᠢᠨᠠᠷᠲᠠᠶ ᠢᠯᠡᠳᠲᠡ ᠦᠷ᠎ᠡ ᠪᠦᠲᠦᠮᠵᠢ ᠤᠯᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠥᠬᠦᠷᠡᠰᠢ ᠦᠭᠡᠢ ᠥᠷᠨᠢᠭᠦᠯᠵᠦ᠂ ︽ᠬᠡᠷᠡᠭ ᠢ ᠬᠦᠯᠢᠶᠡᠨ ᠠᠪᠴᠤ ᠬᠡᠷᠡᠭ ᠪᠣᠯᠭᠠᠨ ᠳᠠᠩᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠨᠠᠯ︾ ᠢ ᠳᠠᠷᠤᠮᠠᠯᠯᠠᠨ ᠲᠠᠷᠬᠠᠭᠠᠵᠤ ᠬᠡᠷᠡᠭ ᠪᠣᠯᠭᠠᠨ ᠳᠠᠩᠰᠠᠯᠠᠬᠤ ᠠᠵᠢᠯ ᠤᠨ ᠶᠠᠪᠤᠴᠠ ᠶᠢ ᠵᠢᠷᠤᠮᠵᠢᠭᠤᠯᠪᠠ︔ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠵᠢᠷᠤᠮ ᠤᠨ ᠲᠣᠭᠲᠠᠭᠠᠯ ᠵᠢᠴᠢ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠲᠣᠭᠲᠠᠭᠠᠯ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠢᠷᠤᠮ ᠪᠠ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠠᠵᠢᠯ ᠢ ᠵᠢᠷᠤᠮᠵᠢᠭᠤᠯᠪᠠ︔ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠶᠠᠰᠤ ᠴᠢᠨᠠᠷ ᠢ ᠬᠢᠨᠠᠨ ᠰᠢᠯᠭᠠᠵᠤ ᠦᠨᠡᠯᠡᠨ ᠶᠠᠷᠢᠯᠴᠠᠬᠤ ᠲᠣᠭᠲᠠᠭᠠᠯ︾᠂ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠤᠷᠤᠭᠤ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠭᠠᠯ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ︔ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠠᠩᠰᠠᠯᠠᠵᠤ ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠶᠢ ᠨᠡᠶᠢᠲᠡᠯᠡᠵᠦ᠂ ᠲᠦᠷᠢᠮ ᠤᠨ ᠬᠤᠷᠴᠠ ᠵᠡᠪᠰᠡᠭ ᠢ ᠦᠨᠡᠨ ᠬᠦ ᠰᠠᠶᠢᠲᠤᠷ ᠬᠡᠷᠡᠭᠯᠡᠵᠦ᠂ ᠬᠠᠤᠯᠢ ᠪᠠᠷ ᠵᠠᠰᠠᠬᠤ ᠶᠢᠨ ᠬᠠᠳᠠᠨ ᠴᠢᠨᠠᠷᠲᠠᠶ ᠬᠢᠵᠠᠭᠠᠷᠯᠠᠬᠤ ᠬᠦᠴᠦᠨ ᠢ ᠴᠢᠩᠭᠠᠷᠠᠭᠤᠯᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠡᠷᠡᠰ ᠪᠣᠳᠠᠲᠠᠶ ᠪᠠᠷ ᠨᠠᠶᠢᠳᠠᠪᠤᠷᠢᠵᠢᠭᠤᠯᠪᠠ᠃ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠤᠲᠠ᠂ ᠰᠢᠶᠠᠨ ᠬᠤᠶᠠᠷ ᠱᠠᠲᠤᠨ ᠳᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠢᠨᠠᠯᠲᠠ ᠲᠠᠯᠪᠢᠵᠤ ᠬᠠᠮᠢᠶᠠᠷᠬᠤ᠂ ᠦᠢᠯᠡᠴᠢᠯᠡᠭᠡ ᠪᠠᠲᠤᠯᠠᠭ᠎ᠠ ᠵᠡᠷᠭᠡ ᠤᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ︽ᠨᠢᠭᠡ ᠥᠷᠲᠡᠭᠡ ᠮᠠᠶ᠋ᠢᠭ︾ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠯ᠎ᠡ ᠬᠦᠷᠢᠶ᠎ᠡ᠂ ᠡᠯ᠎ᠡ ᠵᠠᠩᠭᠢᠯᠠᠭ᠎ᠠ᠂ ᠡᠯ᠎ᠡ ᠡᠯᠧᠮᠧᠨ᠋ᠲ ᠤᠨ ᠪᠦᠬᠦ ᠶᠠᠪᠤᠴᠠ ᠶᠢᠨ ᠬᠢᠨᠠᠯᠲᠠ ᠲᠠᠯᠪᠢᠵᠤ ᠭᠡᠳᠡᠷᠭᠦ ᠨᠡᠬᠡᠮᠵᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ︽ᠬᠡᠷᠡᠭ ᠪᠠᠶᠢᠲᠠᠯ᠎ᠠ ᠦᠯᠦ ᠳᠠᠩᠰᠠᠯᠠᠬᠤ᠂ ᠬᠡᠷᠡᠭ ᠢ ᠳᠠᠷᠤᠭᠠᠳ ᠦᠯᠦ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ︾ ᠲᠣᠭᠲᠠᠭᠠᠯ ᠢ ᠵᠥᠷᠢᠴᠡᠭᠰᠡᠨ ᠠᠵᠢᠯᠯᠠᠭᠠᠨ ᠤ ᠣᠷᠣᠨ ᠵᠠᠶ ᠶᠢ ᠶᠡᠭᠡ ᠪᠠᠷ ᠪᠠᠭᠠᠰᠬᠠᠪᠠ᠃      ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠬᠡᠷᠡᠭ ᠪᠠᠶᠢᠲᠠᠯ᠎ᠠ ᠦᠯᠦ ᠳᠠᠩᠰᠠᠯᠠᠬᠤ᠂ ᠬᠡᠷᠡᠭ ᠢ ᠳᠠᠷᠤᠭᠠᠳ ᠦᠯᠦ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ︾ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠤᠨ ᠰᠢᠨᠵᠢᠯᠡᠵᠦ᠂ ᠲᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠦᠷᠢᠮ ᠤᠨ ᠰᠢᠩᠭᠡᠯᠢᠭ ᠢ ᠡᠬᠢ ᠰᠤᠷᠪᠤᠯᠵᠢ ᠠᠴᠠ ᠨᠢ ᠦᠨᠡᠨ ᠬᠦ ᠴᠢᠩᠭ᠎ᠠ ᠪᠠᠬᠢᠯᠡᠭᠰᠡᠨ ᠪᠠᠶᠢᠨ᠎ᠠ᠃ ᠠᠰᠢᠭ ᠬᠥᠭᠡᠭᠡᠴᠡᠯᠳᠦᠬᠦ ᠬᠠᠤᠯᠢ ᠬᠡᠷᠡᠭᠵᠢᠭᠦᠯᠦᠯᠲᠡ ᠵᠡᠷᠭᠡ ᠤᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠰᠢᠭ ᠬᠥᠭᠡᠭᠡᠴᠡᠯᠳᠦᠬᠦ ᠬᠠᠤᠯᠢ ᠬᠡᠷᠡᠭᠵᠢᠭᠦᠯᠦᠯᠲᠡ ᠶᠢ ᠴᠠᠭᠠᠵᠠᠯᠠᠬᠤ ᠬᠤᠯᠪᠣᠭᠳᠠᠯ ᠪᠦᠬᠦᠢ ᠲᠣᠭᠲᠠᠭᠠᠯ ᠢ ᠨᠡᠶᠢᠲᠡᠯᠡᠵᠦ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ ᠠᠵᠤ ᠠᠬᠤᠶ ᠶᠢᠨ ᠵᠢᠭᠤᠷᠠᠯᠳᠤᠭᠠᠨ᠂ ᠢᠷᠭᠡᠨ ᠤ ᠬᠡᠷᠡᠭ ᠤᠨ ᠵᠢᠭᠤᠷᠠᠯᠳᠤᠭᠠᠨ ᠳᠤ ᠭᠠᠷ ᠲᠦᠷᠦᠭᠦ ᠶᠢ ᠴᠠᠭᠠᠵᠠᠯᠠᠵᠤ᠂ ᠲᠣᠷᠭᠠᠭᠤᠯᠢ ᠪᠠᠷ ᠡᠷᠡᠭᠦᠦ ᠰᠢᠳᠬᠡᠯ ᠢ ᠣᠷᠣᠯᠠᠭᠤᠯᠬᠤ᠂ ᠲᠣᠷᠭᠠᠭᠤᠯᠢ ᠪᠠᠷ ᠲᠦᠷ ᠬᠤᠷᠢᠬᠤ ᠶᠢ ᠣᠷᠣᠯᠠᠭᠤᠯᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ ᠪᠠ ᠪᠦᠬᠦᠨ ᠢ ᠪᠠᠷᠢᠮᠵᠢᠶ᠎ᠠ ᠠᠴᠠ ᠬᠡᠲᠦᠷᠡᠭᠦᠯᠦᠨ ᠵᠣᠭᠤᠰ ᠢᠶᠠᠷ ᠲᠣᠷᠭᠠᠬᠤ ᠶᠢ ᠴᠠᠭᠠᠵᠠᠯᠠᠨ᠎ᠠ ᠭᠡᠵᠦ ᠲᠣᠳᠣᠷᠬᠠᠶ ᠲᠣᠭᠲᠠᠭᠠᠭᠰᠠᠨ ᠪᠥᠭᠡᠳ ᠬᠠᠷᠢᠭᠤᠴᠠᠯᠭ᠎ᠠ ᠨᠡᠬᠡᠮᠵᠢᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ︽ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ ᠬᠡᠷᠡᠭ ᠪᠣᠯᠭᠠᠨ ᠳᠠᠩᠰᠠᠯᠠᠬᠤ ᠶᠢ ᠬᠦᠯᠢᠶᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠬᠦᠯᠬᠦ᠂ ᠠᠵᠤ ᠠᠬᠤᠶ ᠶᠢᠨ ᠵᠢᠭᠤᠷᠠᠯᠳᠤᠭᠠᠨ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠣᠨᠣᠪᠴᠢᠲᠠᠶ ᠬᠡᠷᠡᠭᠯᠡᠬᠦ ᠵᠡᠷᠭᠡ 24 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠳᠣᠷᠬᠠᠶ ᠲᠣᠭᠲᠠᠭᠠᠪᠠ᠃ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠬᠡᠷᠡᠭ ᠪᠠᠶᠢᠲᠠᠯ᠎ᠠ ᠥᠯᠥ ᠳᠠᠩᠰᠠᠯᠠᠬᠤ᠂ ᠬᠡᠷᠡᠭ ᠢ ᠳᠠᠷᠤᠭᠠᠳ ᠥᠯᠥ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ︾ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠡᠷᠡᠭ ᠪᠣᠯᠭᠠᠨ ᠳᠠᠩᠰᠠᠯᠠᠬᠤ ᠶᠢ ᠬᠦᠯᠢᠶᠡᠬᠦ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠬᠦ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠵᠡᠷᠭᠡ ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠭᠤᠭᠴᠤᠭ᠎ᠠ ᠳᠤ ᠴᠢᠭᠯᠡᠭᠦᠯᠦᠨ᠂ 2020 ᠣᠨ ᠠᠴᠠ ᠨᠠᠭᠠᠰᠢᠬᠢ ᠴᠠᠭᠳᠠᠭᠠᠨ ᠤ ᠪᠠᠶᠢᠳᠠᠯ ᠤᠨ ᠬᠡᠷᠡᠭ ᠢ ᠪᠦᠬᠦ ᠲᠠᠯ᠎ᠠ ᠪᠠᠷ ᠴᠢᠩᠭ᠎ᠠ ᠰᠢᠭᠰᠢᠨ ᠪᠠᠶᠢᠴᠠᠭᠠᠵᠤ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ ᠶᠢ ᠬᠦᠯᠢᠶᠡᠬᠦ ᠵᠡᠷᠭᠡ ᠭᠤᠭᠴᠤᠭ᠎ᠠ ᠳᠠᠬᠢ ᠳᠤᠪᠤᠶᠢᠮ᠎ᠠ ᠠᠰᠠᠭᠤᠳᠠᠯ ᠳᠤ ᠲᠤᠰᠬᠠᠶ ᠰᠢᠪᠠᠳᠠᠨ ᠪᠠᠶᠢᠴᠠᠭᠠᠯᠲᠠ ᠬᠢᠵᠦ᠂ ᠬᠤᠭᠤᠴᠠᠭ᠎ᠠ ᠲᠣᠭᠲᠠᠭᠠᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠳᠡᠰ ᠳᠡᠪᠰᠢᠭᠦᠯᠦᠨ ᠬᠢᠨᠠᠨ ᠪᠠᠶᠢᠴᠠᠭᠠᠬᠤ᠂ ᠬᠡᠷᠡᠭ ᠢ ᠦᠨᠡᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠲᠦᠯᠬᠢᠨ ᠠᠬᠢᠭᠤᠯᠪᠠ᠃ ᠵᠢᠶᠠᠩᠰᠦ ᠮᠤᠵᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ ᠠᠴᠠ ᠣᠶᠢᠷ᠎ᠠ ᠶᠢᠨ 3 ᠵᠢᠯ ᠤᠨ ᠬᠡᠷᠡᠭ ᠢ ᠭᠥᠯᠢᠶᠡᠨ ᠠᠪᠤᠭᠰᠠᠨ ᠤ ᠳᠠᠷᠠᠭ᠎ᠠ ᠬᠤᠭᠤᠴᠠᠭ᠎ᠠ ᠠᠴᠠ ᠬᠡᠲᠦᠷᠡᠲᠡᠯ᠎ᠡ ᠰᠢᠢᠳᠪᠦᠷᠢᠯᠡᠵᠦ ᠳᠠᠭᠤᠰᠬᠠᠭᠰᠠᠨ ᠥᠬᠡᠶ᠂ ᠬᠡᠷᠡᠭ ᠪᠣᠯᠭᠠᠨ ᠳᠡᠩᠰᠡᠯᠡᠵᠦ ᠥᠭᠭᠦᠭᠰᠡᠨ ᠥᠬᠡᠶ᠂ ᠬᠡᠷᠡᠭ ᠢ ᠬᠦᠴᠦᠨ ᠥᠬᠡᠶ ᠪᠣᠯᠭᠠᠭᠰᠠᠨ ᠵᠡᠷᠭᠡ ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠬᠡᠷᠡᠭ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠬᠡᠷᠡᠭ ᠪᠠᠶᠢᠲᠠᠯ᠎ᠠ ᠥᠯᠥ ᠳᠠᠩᠰᠠᠯᠠᠬᠤ᠂ ᠬᠡᠷᠡᠭ ᠢ ᠳᠠᠷᠤᠭᠠᠳ ᠥᠯᠥ ᠪᠠᠶᠢᠴᠠᠭᠠᠬᠤ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠬᠦ︾ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠢᠮ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠳᠤᠲᠠᠭᠤᠳᠠᠯ ᠢ ᠨᠥᠬᠦᠪᠥᠷᠢᠯᠡᠵᠦ᠂ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠰᠠᠨᠠᠯ ᠪᠠ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠡᠷᠡᠭᠯᠡᠬᠦ ᠪᠡᠯᠡ ᠮᠥᠩᠭᠦ ᠶᠢ ᠴᠡᠪᠳᠡᠭᠯᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠬᠤ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠶ ᠰᠤᠳᠤᠯᠤᠨ ᠲᠣᠭᠲᠠᠭᠠᠵᠤ᠂ ᠬᠠᠤᠯᠢ ᠬᠡᠷᠡᠭᠵᠢᠭᠦᠯᠬᠦ ᠡᠷᠬᠡ ᠶᠢᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠡᠯ᠎ᠡ ᠲᠦᠷᠦᠯ ᠤᠨ ᠬᠠᠤᠯᠢ ᠬᠡᠷᠡᠭᠵᠢᠭᠦᠯᠬᠦ ᠠᠰᠠᠭᠤᠳᠠᠯ ᠡᠭᠦᠰᠬᠦ ᠶᠢ ᠡᠬᠢ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ ᠭᠡᠪᠡ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ