ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠢᠶᠣᠤ ᠳ᠋ᠦᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠢᠭᠡᠨ ᠮᠡᠳᠡᠷᠡᠯ ᠤᠨ ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2021/12/10
          ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠢᠶᠣᠤ ᠳ᠋ᠦᠩ ᠲᠣᠮᠢᠯᠠᠭᠰᠠᠨ ᠰᠠᠯᠪᠤᠷᠢ ᠶᠢᠨ           ᠠᠷᠠᠳ ᠤᠨ ᠴᠠᠭᠳᠠᠭ᠎ᠠ ᠨᠢᠭᠡᠨ ᠮᠡᠳᠡᠷᠡᠯ ᠤᠨ ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ        ᠣᠶᠢᠷ᠎ᠠ ᠳᠤ᠂ ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠶᠣᠤ ᠳ᠋ᠦᠩ ᠲᠣᠮᠢᠯᠠᠭᠰᠠᠨ ᠰᠠᠯᠪᠤᠷᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠳᠤᠮᠳᠠ ᠨᠢᠭᠡᠨ ᠮᠡᠳᠡᠷᠡᠯ ᠤᠨ ᠡᠪᠡᠳᠴᠢᠲᠡᠨ ᠢ ᠠᠮᠵᠢᠯᠲᠠᠲᠠᠶ ᠠᠪᠤᠷᠠᠨ ᠲᠤᠰᠠᠯᠠᠪᠠ᠃      ᠡᠨᠡ ᠵᠢᠯ ᠤᠨ 11 ᠳ᠋ᠦ᠋ᠭᠡᠷ ᠰᠠᠷ᠎ᠠ ᠶᠢᠨ 27 ᠤ ᠣᠷᠣᠶ᠂ ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠶᠣᠤ ᠳ᠋ᠦᠩ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠨᠢᠭᠡ ᠲᠤᠰᠠᠯᠠᠮᠵᠢ ᠭᠤᠶᠤᠴᠢᠯᠠᠭᠰᠠᠨ ᠲᠥᠭᠰᠢᠭᠦᠷᠢ ᠮᠡᠳᠡᠭᠦᠯᠦᠯᠲᠡ ᠶᠢ ᠲᠣᠰᠬᠤ ᠳᠤ᠂ ᠲᠡᠭᠦᠨ ᠤ ᠡᠴᠢᠭᠡ ᠵᠢᠶᠠ ᠣᠪᠣᠭᠲᠤ ᠮᠡᠳᠡᠷᠡᠯ ᠤᠨ ᠡᠪᠡᠳᠴᠢᠨ ᠠᠴᠠ ᠪᠣᠯᠵᠣ ᠰᠥᠨᠢ ᠲᠥᠭᠡᠷᠢᠭᠡᠳ ᠣᠲᠣ ᠪᠣᠯᠲᠠᠯ᠎ᠠ ᠬᠠᠷᠢᠵᠤ ᠢᠷᠡᠭᠡ ᠥᠬᠡᠶ ᠭᠡᠵᠦ ᠲᠤᠰᠠᠯᠠᠮᠵᠢ ᠭᠤᠶᠤᠴᠢᠯᠠᠪᠠ᠃ ᠲᠤᠰᠠᠯᠠᠮᠵᠢ ᠭᠤᠶᠤᠴᠢᠯᠠᠭᠰᠠᠨ ᠢ ᠣᠯᠤᠭᠰᠠᠨ ᠤ ᠲᠠᠷᠠᠭ᠎ᠠ᠂ ᠴᠢᠶᠣᠤ ᠳ᠋ᠦᠩ ᠲᠣᠮᠢᠯᠠᠭᠰᠠᠨ ᠰᠠᠯᠪᠤᠷᠢ ᠦᠳᠲᠡᠷ ᠲᠦᠷᠭᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠤᠨ ᠡᠷᠢᠵᠦ᠂ ᠨᠢᠭᠡ ᠲᠠᠯ᠎ᠠ ᠪᠠᠷ ᠡᠷᠬᠢᠨ ᠲᠣᠭᠤᠷᠢᠨ ᠤ ᠸᠢᠳᠢᠣ᠋ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠰᠢᠯᠵᠢᠭᠦᠯᠦᠨ ᠠᠪᠴᠤ᠂ ᠨᠦᠭᠦᠭᠡ ᠲᠠᠯ᠎ᠠ ᠪᠠᠷ ᠵᠢᠶᠠ ᠣᠪᠣᠭᠲᠤ ᠶᠢᠨ ᠬᠤᠷᠭᠤᠭᠳᠠᠵᠤ ᠮᠡᠳᠡᠬᠦ ᠭᠠᠵᠠᠷ ᠢ ᠪᠠᠶᠢᠴᠠᠭᠠᠨ ᠵᠢᠭᠰᠠᠭᠠᠪᠠ᠃ 8 ᠴᠠᠭ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠠᠷᠠᠳ ᠤᠨ ᠴᠠᠭᠳᠠᠭ᠎ᠠ 28 ᠤ ᠥᠷᠯᠥᠭᠡ ᠵᠢᠶᠠ ᠣᠪᠣᠭᠲᠤ ᠶᠢ ᠡᠷᠢᠵᠦ ᠣᠯᠤᠭᠰᠠᠨ ᠪᠥᠭᠡᠳ ᠭᠡᠷ ᠪᠦᠯᠢ ᠶᠢᠨ ᠬᠢᠨ ᠳᠤ ᠨᠢ ᠮᠡᠳᠡᠭᠳᠡᠵᠦ ᠲᠠᠨᠢᠵᠤ ᠠᠪᠤᠭᠤᠯᠪᠠ᠃     ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠭᠰᠠᠨ ᠤ ᠲᠠᠷᠠᠭ᠎ᠠ᠂ ᠠᠷᠠᠳ ᠤᠨ ᠴᠠᠭᠳᠠᠭ᠎ᠠ ᠵᠢᠶᠠ ᠣᠪᠣᠭᠲᠤ ᠶᠢᠨ ᠮᠡᠳᠡᠷᠡᠯ ᠤᠨ ᠡᠪᠡᠳᠴᠢᠨ ᠤ ᠲᠠᠬᠢᠨ ᠡᠭᠦᠰᠬᠦ ᠳᠠᠪᠲᠠᠮᠵᠢ ᠨᠢ ᠨᠡᠯᠢᠶᠡᠳ ᠥᠨᠳᠥᠷ᠂ ᠪᠡᠶ᠎ᠡ ᠪᠠᠨ ᠭᠡᠮᠲᠦᠭᠡᠬᠦ ᠵᠢᠴᠢ ᠬᠦᠴᠦᠷᠬᠡᠭᠯᠡᠯ ᠤᠨ ᠬᠠᠨᠳᠤᠰᠢ ᠲᠠᠢ᠂ ᠵᠣᠬᠢᠬᠤ ᠠᠶᠤᠯ ᠲᠦᠭᠰᠢᠭᠦᠷᠢᠲᠦ ᠴᠢᠨᠠᠷ ᠲᠠᠢ ᠪᠠᠶᠢᠬᠤ ᠶᠢ ᠣᠯᠵᠤ ᠮᠡᠳᠡᠭᠡᠳ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠭᠡᠷ ᠪᠦᠯᠢ ᠶᠢᠨ ᠬᠢᠨ ᠲᠠᠢ ᠨᠢ ᠵᠥᠪᠳᠡᠯᠴᠡᠵᠦ᠂ ᠵᠢᠶᠠ ᠣᠪᠣᠭᠲᠤ ᠶᠢ ᠲᠤᠰᠬᠠᠢ ᠡᠮᠨᠡᠯᠭᠡ ᠶᠢᠨ ᠬᠤᠷᠢᠶᠠᠨ ᠳᠤ ᠬᠦᠷᠭᠡᠵᠦ ᠡᠮᠨᠡᠭᠦᠯᠪᠡ᠃ ᠳᠠᠷᠠᠭ᠎ᠠ ᠡᠳᠦᠷ ᠨᠢ᠂ ᠠᠷᠠᠳ ᠤᠨ ᠴᠠᠭᠳᠠᠭ᠎ᠠ ᠲᠡᠭᠦᠨ ᠤ ᠬᠡᠷ ᠪᠦᠯᠢ ᠳᠤ ᠪᠠᠷ᠎ᠠ ᠪᠣᠯᠵᠣ ᠵᠢᠶᠠ ᠣᠪᠣᠭᠲᠤ ᠶᠢ ᠰᠢᠯᠢᠩᠬᠤᠲᠠ ᠶᠢᠨ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠬᠦᠷᠭᠡᠵᠦ᠂ ᠡᠮᠨᠡᠯᠭᠡ ᠳᠤ ᠣᠷᠣᠵᠤ ᠪᠠᠶᠢᠴᠠᠭᠠᠬᠤ ᠪᠠᠷ ᠳᠡᠮᠵᠢᠨ᠂ ᠵᠢᠶᠠ ᠣᠪᠣᠭᠲᠤ ᠪᠠᠰᠠ ᠪᠤᠰᠤᠳ ᠬᠦᠨᠳᠦ ᠡᠪᠡᠳᠴᠢᠨ ᠳᠤ ᠨᠡᠷᠪᠡᠭᠳᠡᠭᠰᠡᠨ ᠢ ᠣᠯᠵᠤ ᠮᠡᠳᠡᠭᠡᠳ ᠳᠠᠬᠢᠨ ᠰᠢᠯᠢ ᠶᠢᠨ ᠭᠤᠤᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠪᠡ᠃ ᠡᠨᠡ ᠬᠦ ᠬᠤᠭᠤᠴᠠᠭᠠᠨ ᠳᠤ᠂ ᠴᠢᠶᠣᠤ ᠳ᠋ᠦᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ︽ᠠᠷᠠᠳ ᠲᠦᠮᠡᠨ ᠢᠶᠠᠷ ᠭᠤᠤᠯ ᠪᠣᠯᠭᠠᠬᠤ︾ ᠠᠵᠢᠯ ᠤᠨ ᠣᠶᠢᠯᠠᠭᠠᠭᠳᠠᠬᠤᠨ ᠢᠶᠠᠷ᠂ ᠬᠤᠶᠠᠷ ᠡᠳᠦᠷ ᠬᠤᠶᠠᠷ ᠰᠥᠨᠢ᠂ ᠵᠢᠶᠠ ᠣᠪᠣᠭᠲᠤ ᠶᠢᠨ ᠬᠡᠷ ᠪᠦᠯᠢ ᠶᠢᠨ ᠬᠢᠨ ᠢ ᠪᠥᠬᠦ ᠶᠠᠪᠤᠴᠠ ᠪᠠᠷ ᠠᠰᠠᠷᠠᠨ ᠬᠠᠷᠠᠭᠠᠯᠵᠠᠵᠤ᠂ ᠲᠡᠭᠦᠨ ᠢ ᠬᠠᠪᠰᠤᠷᠤᠨ ᠡᠮᠨᠡᠯᠭᠡ ᠳᠤ ᠣᠷᠣᠭᠤᠯᠵᠤ ᠡᠮᠨᠡᠭᠦᠯᠵᠦ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠵᠦ᠂ ᠬᠡᠷ ᠪᠦᠯᠢ ᠶᠢᠨ ᠬᠢᠨ ᠤ ᠲᠠᠯᠠᠷᠬᠠᠯ ᠪᠠ ᠰᠠᠶᠢᠨ ᠦᠨᠡᠯᠡᠯᠲᠡ ᠶᠢ ᠣᠯᠪᠠ᠃  ︵ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠣ ᠶᠢ ᠬᠠᠮᠠᠭᠠᠯᠠᠬᠤ ᠲᠣᠪᠴᠢᠶ᠎ᠠ