ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽856︾ ᠬᠡᠪ ᠤᠨ ᠪᠠᠶᠢᠳᠠᠯ ᠢ ᠲᠣᠭᠤᠷᠢᠨ ᠰᠡᠷᠭᠡᠶᠢᠯᠡᠨ ᠡᠵᠡᠮᠳᠡᠬᠦ ᠲᠣᠭᠲᠠᠴᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2021/12/21
          ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽856︾           ᠬᠡᠪ ᠤᠨ ᠪᠠᠶᠢᠳᠠᠯ ᠢ ᠲᠣᠭᠤᠷᠢᠨ ᠰᠡᠷᠭᠡᠶᠢᠯᠡᠨ ᠡᠵᠡᠮᠳᠡᠬᠦ ᠲᠣᠭᠲᠠᠴᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ         ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ  ᠪᠠᠨ ᠲᠠᠰᠤᠷᠠᠯᠲᠠ ᠦᠭᠡᠶ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠢᠯᠡ ᠲᠣᠳᠣ ᠴᠠᠭᠳᠠᠭ᠎ᠠ ᠬᠡᠷᠡᠭᠯᠡᠬᠦ ᠶᠢ ᠳᠣᠪᠤᠶᠢᠯᠭᠠᠵᠤ᠂ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠠᠵᠢᠯᠯᠠᠭ᠎ᠠ ᠲᠠᠢ ᠤᠶᠠᠯᠳᠤᠭᠤᠯᠤᠨ᠂ ︽ᠴᠢᠮᠡᠭᠡ ᠮᠡᠳᠡᠭᠡ ᠵᠢᠯᠤᠭᠤᠳᠬᠤ ᠦᠢᠯᠡᠴᠢᠯᠡᠬᠦ ᠶᠠᠷᠢᠶ᠎ᠠ ᠬᠡᠯᠡᠯᠴᠡᠭᠡ︾ ᠶᠢ ᠨᠢᠭᠡ ᠴᠤᠭᠴᠠᠵᠢᠭᠤᠯᠤᠭᠰᠠᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠶᠢᠨ ᠰᠠᠭᠤᠷᠢᠨ ᠳᠡᠭᠡᠷ᠎ᠡ᠂ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ︽856︾ ᠣᠯᠠᠨ ᠲᠥᠷᠥᠯ ᠤᠨ ᠴᠠᠭᠳᠠᠭᠠᠨ ᠤ ᠲᠥᠷᠥᠯ ᠤᠨ ᠪᠠᠶᠢᠩᠭᠤᠵᠢᠭᠰᠠᠨ ᠬᠠᠮᠲᠤᠷᠠᠭᠰᠠᠨ ᠦᠢᠯᠡᠴᠢᠯᠡᠭᠡᠨ ᠤ ᠲᠣᠭᠤᠷᠢᠨ ᠳᠤ᠂ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠬᠡᠷᠡᠭᠯᠡᠵᠦ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃     
1a4f743da0e18206525edddcb6cdff1.jpg
      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠲᠣᠭᠤᠷᠢᠨ ᠰᠡᠷᠭᠡᠶᠢᠯᠡᠬᠦ ᠰᠢᠨ᠎ᠡ ᠲᠣᠭᠲᠠᠴᠠ ᠶᠢ ᠡᠬᠢᠯᠡᠨ ᠬᠡᠷᠡᠭᠵᠢᠭᠦᠯᠪᠡ᠃     ᠪᠠᠶᠠᠨᠬᠤᠰᠢᠭᠤ ᠪᠠᠯᠭᠠᠰᠤᠨ ᠤ ᠵᠡᠭᠡᠯᠢ ᠭᠤᠳᠤᠮᠵᠢ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂︽ᠴᠢᠮᠡᠭᠡ ᠮᠡᠳᠡᠭᠡ ᠵᠢᠯᠤᠭᠤᠳᠬᠤ ᠦᠢᠯᠡᠴᠢᠯᠡᠬᠦ ᠶᠠᠷᠢᠶ᠎ᠠ ᠬᠡᠯᠡᠯᠴᠡᠭᠡ︾ ᠶᠢ ᠨᠢᠭᠡ ᠴᠤᠭᠴᠠᠵᠢᠭᠤᠯᠤᠭᠰᠠᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠪᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠳ᠋ᠦᠩᠨᠡᠨ ᠳᠡᠭᠡᠭᠰᠢᠯᠡᠭᠦᠯᠬᠦ᠂ ᠦᠷ᠎ᠡ ᠪᠦᠳᠦᠮᠵᠢ ᠶᠢ ᠳᠡᠭᠡᠭᠰᠢᠯᠡᠭᠦᠯᠬᠦ ᠱᠠᠲᠤᠨ ᠤ ᠠᠵᠢᠯ ᠲᠠᠢ ᠤᠶᠠᠯᠳᠤᠭᠤᠯᠤᠨ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠴᠢᠮᠡᠭᠡ ᠮᠡᠳᠡᠭᠡ ᠪᠠ ᠦᠢᠯᠡᠴᠢᠯᠡᠭᠡᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽856︾ ᠣᠯᠠᠨ ᠲᠥᠷᠥᠯ ᠤᠨ ᠴᠠᠭᠳᠠᠭᠠᠨ ᠤ ᠲᠥᠷᠥᠯ ᠤᠨ ᠪᠠᠶᠢᠩᠭᠤ ᠶᠢᠨ ᠴᠢᠨᠠᠷᠲᠠᠶ ᠬᠠᠮᠲᠤᠷᠠᠭᠰᠠᠨ ᠦᠢᠯᠡᠴᠢᠯᠡᠭᠡᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠴᠢᠮᠡᠭᠡ ᠮᠡᠳᠡᠭᠡᠨ ᠤ ᠲᠥᠪ ᠭᠠᠷᠭᠠᠵᠤ᠂ ᠲᠤᠰᠬᠠᠶᠢᠯᠠᠨ ︽856︾ ᠤᠯᠠᠨ ᠲᠦᠷᠦᠯ ᠤᠨ ᠴᠠᠭᠳᠠᠭᠠᠨ ᠤ ᠲᠦᠷᠦᠯ ᠤᠨ ᠪᠠᠶᠢᠩᠭᠤᠵᠢᠭᠰᠠᠨ ᠬᠠᠮᠲᠤᠷᠠᠭᠰᠠᠨ ᠦᠢᠯᠡᠴᠢᠯᠡᠭᠡᠨ ᠤ ᠲᠣᠭᠤᠷᠢᠨ ᠰᠡᠷᠭᠡᠶᠢᠯᠡᠬᠦ ᠠᠵᠢᠯ ᠢ ᠵᠢᠯᠣᠭᠤᠳᠤᠨ ᠲᠣᠬᠢᠷᠠᠭᠤᠯᠵᠤ᠂ ︽856︾ ᠤᠯᠠᠨ ᠲᠦᠷᠦᠯ ᠤᠨ ᠴᠠᠭᠳᠠᠭᠠᠨ ᠤ ᠲᠦᠷᠦᠯ ᠤᠨ ᠪᠠᠶᠢᠩᠭᠤᠵᠢᠭᠰᠠᠨ ᠬᠠᠮᠲᠤᠷᠠᠭᠰᠠᠨ ᠦᠢᠯᠡᠴᠢᠯᠡᠭᠡᠨ ᠤ ᠲᠣᠭᠤᠷᠢᠨ ᠰᠡᠷᠭᠡᠶᠢᠯᠡᠬᠦ ᠲᠣᠭᠲᠠᠴᠠ ᠶᠢᠨ ᠥᠨᠳᠥᠷ ᠪᠦᠲᠦᠮᠵᠢᠲᠡᠢ ᠪᠠᠷ ᠠᠵᠢᠯᠯᠠᠬᠤ ᠶᠢ ᠴᠢᠩᠭᠠᠳᠬᠠᠵᠤ᠂ ᠴᠠᠭᠳᠠᠭ᠎ᠠ ᠶᠢᠨ ᠲᠤᠭᠤᠷᠢᠨ ᠴᠠᠭᠳᠠᠬᠤ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃       
4b2ce9b314cbe52e34a02e01aaff904.jpg
      ᠬᠤᠶᠠᠷ᠂ ᠣᠯᠠᠨ ᠲᠥᠷᠦᠯ ᠤᠨ ᠴᠠᠭᠳᠠᠭ᠎ᠠ ᠬᠠᠮᠲᠤᠷᠠᠨ ᠬᠥᠳᠡᠯᠦᠯᠴᠡᠵᠦ ︽ᠪᠦᠬᠦ ᠲᠠᠯ᠎ᠠ ᠶᠢᠨ ᠰᠡᠷᠭᠡᠶᠢᠯᠡᠯᠲᠡ︾ ᠶᠢᠨ ᠪᠠᠶᠢᠷᠢᠰᠢᠯ ᠢ ᠪᠣᠶ ᠪᠣᠯᠭᠠᠪᠠ᠃      ︽  ᠴᠢᠮᠡᠭᠡ ᠮᠡᠳᠡᠭᠡ ᠵᠠᠷᠯᠢᠭ ᠵᠢᠭᠠᠪᠤᠷᠢ ᠭᠠᠷᠭᠠᠬᠤ᠂ ᠵᠠᠷᠯᠢᠭ ᠵᠢᠭᠠᠪᠤᠷᠢ ᠶᠢ ᠠᠯᠪᠠᠨ ᠠᠵᠢᠯ ᠳᠤ ᠨᠡᠪᠲᠡᠷᠡᠭᠦᠯᠬᠦ︾ ᠠᠵᠢᠯ ᠤᠨ ᠰᠡᠳᠬᠢᠮᠵᠢ ᠶᠢᠨ ᠶᠣᠰᠣᠭᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠢᠯᠡᠴᠢᠯᠡᠭᠡᠨ ᠤ ᠠᠵᠢᠯᠯᠠᠭᠠᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠠ ᠪᠠᠶᠠᠨᠬᠤᠰᠢᠭᠤ ᠪᠠᠯᠭᠠᠰᠤ ᠲᠣᠭᠤᠷᠢᠭ ᠤᠨ ᠭᠤᠷᠪᠠᠨ ᠲᠣᠮᠢᠯᠠᠭᠰᠠᠨ ᠰᠠᠯᠪᠤᠷᠢ ᠵᠡᠷᠭᠡ ᠴᠠᠭᠳᠠᠭᠠᠨ ᠤ ᠲᠥᠷᠥᠯ ᠢ ᠴᠠᠭᠳᠠᠨ ᠰᠡᠷᠭᠡᠶᠢᠯᠡᠬᠦ 11 ᠳᠤᠭᠤᠶᠢᠯᠠᠩ ᠪᠣᠯᠭᠠᠨ ᠪᠠᠶᠢᠭᠤᠯᠵᠤ᠂ ᠪᠠᠶᠠᠨᠬᠤᠰᠢᠭᠤ ᠪᠠᠯᠭᠠᠰᠤ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠠᠶᠢᠷᠢ ᠪᠠ ᠥᠷᠯᠦᠭᠡ ᠦᠳᠡᠰᠢ ᠶᠢᠨ ᠠᠵᠢᠯᠯᠠᠭᠠᠨ ᠤ ᠴᠠᠭ ᠲᠠᠢ ᠤᠶᠠᠯᠳᠤᠭᠤᠯᠤᠨ᠂ ︽856︾ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠬᠡᠷᠡᠭᠵᠢᠭᠦᠯᠪᠡ᠃ ︽8︾ ᠪᠣᠯ 7 ᠴᠠᠭ 50 ᠮᠢᠨᠦ᠋ᠲ ᠠᠴᠠ 18 ᠴᠠᠭ 30 ᠮᠢᠨᠦ᠋ᠲ ᠪᠣᠯᠲᠠᠯ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠴᠠᠭᠳᠠᠨ ᠰᠡᠷᠭᠡᠶᠢᠯᠡᠬᠦ 4 ᠲᠤᠭᠤᠶᠢᠯᠠᠩ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ 4 ᠴᠠᠭᠳᠠᠨ ᠰᠡᠷᠭᠡᠶᠢᠯᠡᠬᠦ ᠳᠤᠭᠤᠶᠢᠯᠠᠩ ᠲᠤᠰ ᠲᠤᠰ ᠤᠨ ᠴᠠᠭᠳᠠᠨ ᠰᠡᠷᠭᠡᠶᠢᠯᠡᠬᠦ ᠲᠣᠭᠤᠷᠢᠭ ︵ᠬᠠᠷᠢᠶ᠎ᠠ ᠣᠷᠣᠨ︶ ᠲᠠᠭᠠᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭ᠎ᠠ ᠪᠣᠯᠤᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠵᠢᠯᠤᠭᠤᠳᠤᠨ ᠭᠦᠢᠴᠡᠳᠭᠡᠪᠡ᠃ ︽5︾ ᠨᠢ 18 ᠴᠠᠭ 30 ᠮᠢᠨᠦ᠋ᠲ ᠠᠴᠠ 22 ᠴᠠᠭ ᠪᠣᠯᠲᠠᠯ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠨ ᠪᠠᠶᠢᠴᠠᠭᠠᠬᠤ ᠶᠡᠭᠡ ᠠᠩᠬᠢ ᠶᠢᠨ 2 ᠳᠤᠭᠤᠶᠢᠯᠠᠩ ᠪᠣᠯᠤᠨ ᠵᠠᠮ ᠬᠠᠷᠢᠯᠴᠠᠭᠠᠨ ᠤ ᠲᠤᠭᠤᠷᠢᠨ ᠴᠠᠭᠳᠠᠬᠤ ᠶᠡᠭᠡ ᠠᠩᠬᠢ ᠶᠢᠨ 3 ᠳᠤᠭᠤᠶᠢᠯᠠᠩ ᠲᠤᠰ ᠲᠤᠰ ᠤᠨ ᠰᠡᠷᠭᠡᠶᠢᠯᠡᠯᠲᠡ ᠶᠢᠨ ᠣᠷᠣᠨ ︵ᠬᠠᠷᠢᠶ᠎ᠠ ᠣᠷᠣᠨ︶ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭ᠎ᠠ ᠶᠢ ᠵᠢᠯᠣᠭᠤᠳᠬᠤ ᠪᠠ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠵᠢᠯᠤᠭᠤᠳᠤᠨ ᠭᠦᠢᠴᠡᠳᠭᠡᠪᠡ︔ ︽6︾ ᠨᠢ 22 ᠴᠠᠭ ᠠᠴᠠ ᠳᠠᠷᠠᠭ᠎ᠠ ᠡᠳᠦᠷ ᠤᠨ 7 ᠴᠠᠭ 50 ᠮᠢᠨᠦ᠋ᠲ ᠪᠣᠯᠲᠠᠯ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠬᠢ ᠶᠢᠨ 2 ᠲᠣᠭᠤᠷᠢᠨ ᠴᠠᠭᠳᠠᠬᠤ ᠲᠤᠭᠤᠶᠢᠯᠠᠩ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠶᠢᠨ 1 ᠲᠣᠭᠤᠷᠢᠨ ᠡᠵᠡᠮᠳᠡᠬᠦ ᠲᠤᠭᠤᠶᠢᠯᠠᠩ᠂ ᠪᠠᠶᠠᠨᠬᠤᠰᠢᠭᠤ ᠪᠠᠯᠭᠠᠰᠤᠨ ᠤ 3 ᠲᠣᠮᠢᠯᠠᠭᠰᠠᠨ ᠰᠠᠯᠪᠤᠷᠢ ᠶᠢᠨ ᠲᠣᠭᠤᠷᠢᠨ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠲᠤᠰ ᠲᠤᠰ ᠤᠨ ᠰᠡᠷᠭᠡᠶᠢᠯᠡᠯᠲᠡ ᠶᠢᠨ ᠣᠷᠣᠨ ︵ᠬᠠᠷᠢᠶ᠎ᠠ ᠣᠷᠣᠨ︶ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠪᠠ ᠬᠦᠯᠢᠶᠡᠨ ᠠᠪᠴᠤ ᠰᠢᠢᠳᠪᠦᠷᠢᠯᠡᠬᠦ ᠬᠡᠷᠡᠭ ᠢ ᠵᠢᠯᠤᠭᠤᠳᠤᠨ ᠭᠦᠢᠴᠡᠳᠭᠡᠪᠡ᠃ ᠲᠣᠭᠤᠷᠢᠨ ᠰᠡᠷᠭᠡᠶᠢᠯᠡᠬᠦ ᠱᠤᠭᠤᠮ ᠳᠤ ᠨᠠᠮ ᠵᠠᠰᠠᠭ ᠤᠨ ᠪᠠᠶᠢᠭᠤᠯᠤᠯᠭ᠎ᠠ᠂ ᠡᠯ᠎ᠡ ᠰᠤᠷᠭᠠᠭᠤᠯᠢ᠂ ᠡᠮ ᠡᠮᠨᠡᠯᠭᠡ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠴᠡᠭ᠂ ᠲᠠᠯᠠᠪᠠᠶ ᠬᠤᠳᠠᠯᠳᠤᠭᠠᠨ ᠤ ᠭᠠᠵᠠᠷ ᠪᠣᠯᠤᠨ ᠤᠯᠤᠰ ᠮᠤᠵᠢ ᠶᠢᠨ ᠭᠤᠤᠯ ᠵᠠᠮ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠪᠠᠭᠳᠠᠭᠠᠵᠤ᠂ ᠪᠠᠶᠠᠨᠬᠤᠰᠢᠭᠤ ᠪᠠᠯᠭᠠᠰᠤᠨ ᠤ ᠲᠣᠭᠤᠷᠢᠭ ᠲᠤ ᠪᠦᠬᠦᠯᠢ ᠡᠳᠦᠷ ᠢᠶᠠᠷ ᠪᠦᠬᠦᠨ ᠢ ᠬᠠᠮᠤᠷᠤᠭᠰᠠᠨ ︽ᠶᠡᠭᠡ ᠴᠠᠭᠳᠠᠨ ᠰᠡᠷᠭᠡᠶᠢᠯᠡᠬᠦ︾ ᠪᠠᠶᠢᠷᠢᠰᠢᠯ ᠢ ᠪᠣᠶ ᠪᠣᠯᠭᠠᠪᠠ᠃      
2819d5b042dde24855542aeecfa9a6f.jpg
     ᠭᠤᠷᠪᠠ᠂ ᠵᠢᠯᠣᠭᠤᠳᠤᠨ ᠲᠣᠬᠢᠷᠠᠭᠤᠯᠬᠤ ᠳᠤ ᠲᠦᠭᠦᠮ ᠮᠥᠷᠳᠡᠭᠡᠨ ᠴᠠᠭᠳᠠᠨ ᠰᠡᠷᠭᠡᠶᠢᠯᠡᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠶ ᠪᠣᠯᠭᠠᠪᠠ᠃     ᠨᠢᠭᠡ ᠳᠤ᠂ ᠴᠠᠭ ᠲᠤᠬᠠᠢ ᠳᠤᠨᠢ ᠵᠢᠯᠣᠭᠤᠳᠤᠨ ᠲᠤᠬᠢᠷᠠᠭᠤᠯᠬᠤ ᠶᠢ ᠴᠢᠩᠭᠠᠳᠬᠠᠪᠠ᠃ ᠵᠢᠭᠠᠨ ᠵᠢᠯᠤᠭᠤᠳᠬᠤ ᠲᠥᠪ ᠨᠢ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ᠂ ᠴᠠᠭᠳᠠᠭᠠᠨ ᠤ ᠲᠡᠷᠭᠡᠨ ᠤ ᠪᠠᠶᠢᠷᠢᠰᠢᠯ ᠢ ᠪᠦᠬᠦᠨ ᠢ ᠳᠡᠯᠭᠡᠴᠡᠨ ᠳᠤ ᠭᠠᠷᠭᠠᠵᠤ᠂ ᠡᠭᠦᠨ ᠤ ᠬᠠᠮᠲᠤ ᠵᠢᠵᠢᠭᠦᠷ ᠤᠨ ᠵᠢᠯᠣᠭᠤᠳᠬᠤ ᠳᠠᠷᠤᠭ᠎ᠠ ᠪᠣᠯᠤᠨ ᠵᠢᠵᠢᠭᠦᠷ ᠤᠨ ᠴᠠᠭᠳᠠᠭ᠎ᠠ ᠠᠴᠠ ᠪᠠᠶᠢᠳᠠᠯ ᠤᠨ ᠲᠥᠪ ᠤᠨ ᠲᠣᠮᠣ ᠳᠡᠯᠭᠡᠴᠡ ᠳᠡᠭᠡᠷ᠎ᠡ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠢ ᠠᠰᠢᠭᠯᠠᠨ ᠴᠠᠭᠳᠠᠭᠠᠨ ᠤ ᠬᠦᠴᠦᠨ᠂ ᠴᠠᠭᠳᠠᠭᠠᠨ ᠤ ᠲᠡᠷᠭᠡ ᠶᠢᠨ ᠠᠵᠢᠯ ᠤᠨ ᠪᠠᠶᠢᠷᠢᠨ ᠳᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠦᠵᠡᠵᠦ᠂ 350 ᠮᠧᠭ᠎ᠠ ᠶᠠᠷᠢᠯᠴᠠᠭᠤᠷ᠂ ᠵᠢᠯᠣᠭᠤᠳᠬᠤ ᠲᠤᠰᠠᠯᠠᠭᠴᠢ APP ᠶᠢ ᠬᠡᠷᠡᠭᠯᠡᠨ ᠲᠣᠭᠲᠠᠭᠰᠠᠨ ᠴᠠᠭ ᠦᠭᠡᠶ ᠪᠠᠷ ᠨᠡᠷ᠎ᠡ ᠳᠤᠷᠠᠳᠴᠤ ᠲᠣᠬᠢᠷᠠᠭᠤᠯᠬᠤ ᠪᠠ ᠴᠠᠭᠳᠠᠭ᠎ᠠ ᠶᠢ ᠴᠠᠭ ᠲᠤᠬᠠᠶ ᠳᠤ ᠨᠢ ᠵᠠᠯᠭᠠᠨ ᠲᠣᠮᠢᠯᠠᠵᠤ᠂ ᠴᠡᠭ ᠠᠴᠠ ᠴᠡᠭ ᠲᠤ ᠬᠦᠷᠴᠦ ᠵᠢᠯᠣᠭᠤᠳᠬᠤ᠂ ᠪᠦᠬᠦ ᠲᠠᠯ᠎ᠠ ᠳᠤ ᠲᠣᠬᠢᠷᠠᠭᠤᠯᠬᠤ ᠶᠢ ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ  ᠪᠠᠳᠤᠯᠠᠪᠠ᠃ ᠬᠤᠶᠠᠷ ᠲᠤ ᠳᠠᠭᠤᠷᠢᠶᠠᠮᠠᠯ ᠴᠠᠭᠳᠠᠭᠠᠨ ᠤ ᠪᠠᠶᠢᠳᠠᠯ ᠤᠨ ᠰᠣᠷᠢᠯᠲᠠ ᠶᠢ ᠥᠷᠨᠢᠭᠦᠯᠪᠡ᠃ ᠡᠯ᠎ᠡ ᠲᠥᠷᠥᠯ ᠤᠨ ᠴᠠᠭᠳᠠᠭᠠᠨ ᠤ ᠪᠠᠶᠢᠳᠠᠯ᠂ ᠲᠤᠰᠠᠯᠠᠮᠵᠢ ᠬᠦᠰᠡᠬᠦ ᠪᠠ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ᠂ ᠲᠦᠷᠭᠡᠨ᠂ ᠲᠣᠬᠢᠲᠠᠶ ᠰᠢᠢᠳᠪᠦᠷᠢᠯᠡᠬᠦ ᠶᠢ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠩ ᠤᠨ ᠳᠠᠭᠤᠷᠢᠶᠠᠮᠠᠯ ᠴᠠᠭᠳᠠᠭᠠᠨ ᠤ ᠪᠠᠶᠢᠳᠠᠯ ᠤᠨ ᠰᠣᠷᠢᠯᠲᠠ ᠶᠢᠨ ᠰᠠᠭᠤᠷᠢᠨ ᠳᠡᠭᠡᠷ᠎ᠡ᠂ 11 ᠳ᠋ᠦ᠋ᠭᠡᠷ ᠰᠠᠷ᠎ᠠ ᠠᠴᠠ ᠡᠬᠢᠯᠡᠨ᠂ ᠵᠢᠯᠣᠭᠤᠳᠬᠤ ᠲᠥᠪ ᠠᠴᠠ ᠭᠠᠷᠠᠭ ᠪᠦᠷᠢ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠪᠠᠶᠠᠨᠬᠤᠰᠢᠭᠤ ᠪᠠᠯᠭᠠᠰᠤ ᠲᠣᠭᠤᠷᠢᠭ ᠤᠨ ᠭᠤᠷᠪᠠᠨ ᠲᠣᠮᠢᠯᠠᠭᠰᠠᠨ ᠰᠠᠯᠪᠤᠷᠢ ᠳᠤ ᠤᠷᠢᠳᠴᠢᠯᠠᠨ ᠮᠡᠳᠡᠭᠳᠡᠬᠦ ᠥᠬᠡᠶ ᠬᠤᠶᠠᠷ ᠤᠳᠠᠭᠠᠨ ᠤ ᠳᠠᠭᠤᠷᠢᠶᠠᠮᠠᠯ ᠴᠠᠭᠳᠠᠭᠠᠨ ᠤ ᠪᠠᠶᠢᠳᠠᠯ ᠤᠨ ᠰᠣᠷᠢᠯᠲᠠ ᠶᠢ ᠶᠠᠪᠤᠭᠳᠠᠭᠤᠯᠪᠠ᠃ ᠳᠠᠭᠤᠷᠢᠶᠠᠮᠠᠯ ᠴᠠᠭᠳᠠᠭᠠᠨ ᠤ ᠪᠠᠶᠢᠳᠠᠯ ᠤᠨ ᠰᠢᠯᠭᠠᠯᠲᠠ ᠶᠢᠨ ᠠᠵᠢᠯ ᠢᠶᠠᠷ ᠳᠡᠮᠵᠢᠨ᠂ ᠴᠠᠭᠳᠠᠭ᠎ᠠ ᠶᠢᠨ ᠵᠢᠯᠣᠭᠤᠳᠣᠯᠭ᠎ᠠ ᠲᠣᠬᠢᠷᠠᠭᠤᠯᠭ᠎ᠠ ᠶᠢᠨ ᠪᠠᠶᠢᠳᠠᠯ ᠵᠢᠴᠢ ᠠᠷᠠᠳ ᠤᠨ ᠴᠠᠭᠳᠠᠭ᠎ᠠ ᠶᠢᠨ ᠦᠨᠡᠮᠯᠡᠯ ᠢᠶᠠᠨ ᠠᠪᠴᠤ ᠶᠠᠪᠤᠬᠤ᠂ ᠴᠠᠭᠳᠠᠭ᠎ᠠ ᠶᠢᠨ ᠳᠦᠷᠢ ᠲᠥᠷᠬᠦ ᠬᠤᠪᠴᠠᠰᠤ ᠵᠠᠰᠠᠯ᠂ ᠴᠠᠭᠳᠠᠭ᠎ᠠ ᠭᠠᠷᠬᠤ ᠬᠤᠷᠳᠤᠴᠠ᠂ ᠴᠠᠭᠳᠠᠭ᠎ᠠ ᠶᠢᠨ ᠬᠡᠷᠡᠭ ᠢ ᠰᠢᠢᠳᠪᠦᠷᠢᠯᠡᠬᠦ᠂ ᠦᠢᠯᠡᠴᠢᠯᠡᠬᠦ ᠣᠪᠣᠷ᠂  ᠴᠠᠭᠳᠠᠭ᠎ᠠ ᠶᠢᠨ ᠬᠤᠪᠢ ᠶᠢᠨ ᠲᠣᠨᠤᠭ ᠲᠥᠬᠦᠭᠡᠷᠦᠮᠵᠢ ᠲᠣᠬᠢᠷᠠᠭᠤᠯᠬᠤ᠂ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠢᠶᠠᠨ ᠵᠡᠭᠦᠬᠦ᠂ ᠰᠢᠢᠳᠪᠦᠷᠢᠯᠡᠯᠲᠡ ᠶᠢ ᠬᠠᠷᠢᠭᠤ ᠲᠤᠰᠬᠠᠬᠤ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠪᠠ᠃ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠭᠠᠵᠠᠷ ᠲᠤ ᠨᠢ ᠵᠠᠯᠠᠷᠠᠭᠤᠯᠵᠤ᠂ ᠴᠠᠭᠳᠠᠭ᠎ᠠ ᠶᠢ ᠬᠦᠯᠢᠶᠡᠨ ᠠᠪᠬᠤ ᠪᠠ ᠴᠠᠭᠳᠠᠭ᠎ᠠ ᠶᠢᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠡᠯ᠎ᠡ ᠭᠤᠭᠴᠤᠭ᠎ᠠ ᠴᠢᠨᠠᠭᠰᠢᠯᠠᠪᠠᠯ ᠦᠭᠡ ᠬᠡᠯᠡ ᠪᠠ ᠦᠢᠯᠡ ᠠᠵᠢᠯᠯᠠᠭ᠎ᠠ ᠶᠢ ᠲᠠᠰᠤᠷᠠᠯᠲᠠ ᠦᠭᠡᠶ ᠵᠢᠷᠤᠮᠵᠢᠭᠤᠯᠬᠤ ᠶᠢ ᠱᠠᠭᠠᠷᠳᠠᠪᠠ᠃ ᠭᠤᠷᠪᠠ ᠳᠤ ᠭᠠᠷᠠᠭ ᠤᠨ ᠦᠨᠡᠯᠡᠯᠲᠡ ᠶᠢᠨ ᠠᠵᠢᠯᠯᠠᠭ᠎ᠠ ᠥᠷᠨᠢᠭᠦᠯᠪᠡ᠃ ᠭᠠᠷᠠᠭ ᠪᠦᠷᠢ ᠶᠢᠨ ᠨᠢᠭᠡᠨ ᠳᠤ᠂ ᠵᠢᠯᠤᠭᠤᠳᠬᠤ ᠲᠥᠪ ᠤᠨ ᠬᠠᠷᠢᠭᠤᠴᠠᠯᠭᠠᠲᠠᠨ ᠠᠴᠠ ᠵᠠᠷᠯᠢᠭ ᠪᠠᠭᠤᠯᠭᠠᠵᠤ᠂ ᠵᠡᠭᠡᠯᠢ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ 8 ᠳᠤᠭᠤᠶᠢᠯᠠᠩ ᠤᠨ ᠴᠠᠭᠳᠠᠭᠠᠨ ᠤ ᠬᠦᠴᠦᠨ ᠢ ᠲᠦᠷ ᠴᠠᠭ ᠤᠨ ᠴᠤᠭᠯᠠᠷᠠᠬᠤ ᠭᠠᠵᠠᠷ ᠲᠤ ᠨᠢᠭᠡᠳᠦᠯᠲᠡᠶ ᠲᠥᠪᠯᠡᠷᠡᠭᠦᠯᠵᠦ᠂ ᠬᠥᠮᠦᠨ᠂ ᠲᠡᠷᠭᠡ ᠬᠥᠰᠬᠡ᠂ ᠬᠤᠪᠴᠠᠰᠤ ᠬᠤᠨᠠᠷ᠂ ᠲᠣᠨᠤᠭ ᠲᠥᠬᠦᠭᠡᠷᠦᠮᠵᠢ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠥᠩᠭᠡᠷᠡᠭᠰᠡᠨ ᠨᠢᠭᠡ ᠭᠠᠷᠠᠭ ᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠭᠥᠯᠢᠶᠡᠨ ᠠᠪᠴᠤ ᠰᠢᠢᠳᠪᠦᠷᠢᠯᠡᠭᠰᠡᠨ ᠪᠠ ᠵᠢᠯᠣᠭᠤᠳᠤᠨ ᠲᠣᠬᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠠᠷᠯᠠᠨ ᠮᠡᠳᠡᠭᠳᠡᠵᠦ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠤᠨ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠵᠠᠰᠠᠭ ᠤᠨ ᠵᠠᠷᠯᠢᠭ ᠴᠠᠭᠳᠠᠭ᠎ᠠ ᠶᠢᠨ ᠵᠠᠷᠯᠢᠭ ᠢ ᠰᠠᠭᠠᠳ ᠥᠬᠡᠶ ᠨᠡᠪᠲᠡᠷᠡᠭᠦᠯᠬᠦ᠂ ᠴᠠᠭᠳᠠᠭᠠᠨ ᠤ ᠪᠠᠶᠢᠳᠠᠯ ᠢ ᠲᠦᠷᠭᠡᠨ ᠢᠶᠠᠷ ᠬᠤᠯᠪᠣᠯᠳᠤᠭᠤᠯᠤᠨ ᠲᠤᠰᠬᠠᠬᠤ᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠠᠷᠭᠠᠴᠠᠨ ᠰᠢᠢᠳᠪᠦᠷᠢᠯᠡᠬᠦ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠪᠠ ᠴᠠᠭᠳᠠᠭ᠎ᠠ ᠲᠤᠮᠢᠯᠠᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠳᠠᠷᠠᠭᠤᠯᠬᠤ ᠳᠤ ᠪᠠᠶᠢᠩᠭᠤ ᠶᠢᠨ ᠬᠢᠨᠠᠯᠲᠠ ᠲᠠᠯᠪᠢᠬᠤ ᠪᠠᠲᠤᠯᠠᠭ᠎ᠠ ᠶᠢᠨ ᠲᠣᠭᠲᠠᠴᠠ ᠶᠢ ᠬᠠᠩᠭᠠᠪᠠ᠃     ︽856︾ ᠲᠣᠭᠤᠷᠢᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠡᠬᠢᠯᠡᠨ ᠬᠡᠷᠡᠭᠯᠡᠭᠰᠡᠨ ᠠᠴᠠ ᠨᠠᠭᠠᠰᠢ᠂ ᠪᠦᠬᠦ ᠲᠠᠯ᠎ᠠ ᠶᠢᠨ ᠡᠯ᠎ᠡ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠴᠠᠭᠳᠠᠭᠠᠨ ᠤ ᠬᠦᠴᠦᠨ ᠢ ᠠᠵᠢᠯ ᠤᠨ ᠱᠠᠭᠠᠷᠳᠠᠯᠭ᠎ᠠ ᠪᠠ ᠴᠠᠭᠳᠠᠭ᠎ᠠ ᠲᠤᠮᠢᠯᠠᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠵᠢᠷᠤᠮᠵᠢᠯ ᠶᠣᠰᠣᠭᠠᠷ᠂ ᠡᠯ᠎ᠡ ᠲᠥᠷᠥᠯ ᠤᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ 83 ᠰᠢᠢᠳᠪᠦᠷᠢᠯᠡᠵᠦ᠂ ᠲᠤᠬᠠᠶ ᠶᠢᠨ ᠲᠠᠯᠠᠪᠤᠷ ᠲᠤ ᠡᠶᠡᠳᠡᠭᠦᠯᠦᠨ ᠰᠢᠢᠳᠪᠦᠷᠢᠯᠡᠭᠰᠡᠨ ᠪᠠ ᠵᠥᠷᠢᠴᠡᠯ ᠵᠠᠭᠤᠷᠠᠯᠳᠤᠭᠠᠨ ᠢ 26 ᠤᠳᠠᠭ᠎ᠠ  ᠰᠢᠢᠳᠪᠦᠷᠢᠯᠡᠵᠦ᠂ ᠴᠠᠭᠳᠠᠭ᠎ᠠ ︽1᠂ 3᠂ 5︾ ᠮᠢᠨᠦ᠋ᠲ ᠤᠨ ᠱᠠᠭᠠᠷᠳᠠᠯᠭ᠎ᠠ ᠶᠣᠰᠣᠭᠠᠷ ᠲᠤᠬᠠᠶ ᠶᠢᠨ ᠲᠠᠯᠠᠪᠤᠷ ᠲᠤ ᠭᠦᠷᠦᠭᠰᠡᠨ ᠨᠣᠷᠮ᠎ᠠ ᠨᠢ 100% ᠳᠤ ᠬᠦᠷᠴᠦ᠂ 1 ᠠᠴᠠ 8 ᠳ᠋ᠤᠭᠠᠷ ᠨᠣᠮᠧᠷᠲᠤ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠴᠠᠭ ᠤᠨ ᠲᠣᠬᠢᠷᠠᠭᠤᠯᠤᠯᠲᠠ ᠪᠠᠷ ᠴᠠᠭ ᠲᠤ ᠪᠠᠨ ᠠᠵᠢᠯ ᠤᠨ ᠪᠠᠶᠢᠷᠢ ᠳᠤ ᠭᠦᠷᠦᠭᠰᠡᠨ ᠨᠣᠷᠮ᠎ᠠ ᠨᠢ 100% ᠳᠤ ᠬᠦᠷᠴᠦ᠂ ᠬᠡᠷᠡᠭ ᠶᠠᠪᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠨᠣᠷᠮ᠎ᠠ᠂ ᠬᠠᠷᠢᠭᠤ ᠲᠤᠰᠬᠠᠭᠰᠠᠨ ᠨᠣᠷᠮ᠎ᠠ ᠪᠠ ᠬᠠᠷᠢᠭᠤ ᠰᠤᠷᠪᠤᠯᠵᠢᠯᠠᠬᠤ ᠨᠣᠷᠮ᠎ᠠ ᠨᠢ 100% ᠳᠤ ᠬᠦᠷᠴᠦ᠂ ᠠᠷᠠᠳ ᠣᠯᠠᠨ ᠤ ᠲᠠᠶᠢᠪᠤᠩᠳᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︵ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ   ᠪᠤᠤ ᠡᠷᠳᠡᠨᠢᠪᠢᠯᠢᠭ ᠠᠴᠠ ᠮᠡᠳᠡᠭᠡᠯᠡᠪᠡ︶                                                                                                                                                                                                 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ