ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2021/12/21
            ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠬᠢᠵᠢᠭ ᠤᠨ ᠪᠠᠶᠢᠳᠠᠯ ᠢ             ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠨᠢᠭᠦᠯᠪᠡ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠤᠨ 11 ᠳ᠋ᠦ᠋ᠭᠡᠷ ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠠᠴᠠ ᠾᠧ ᠫᠢᠩ ᠲᠤᠮᠢᠯᠠᠭᠰᠡᠨ ᠰᠠᠯᠪᠤᠷᠢ᠂ ᠠᠢ ᠭᠥᠸᠧ ᠲᠤᠮᠢᠯᠠᠭᠰᠡᠨ ᠰᠠᠯᠪᠤᠷᠢ᠂  ᠦ᠋ ᠢ ᠲᠤᠮᠢᠯᠠᠭᠰᠡᠨ ᠰᠠᠯᠪᠤᠷᠢ᠂ ᠡᠮᠦᠨ᠎ᠡ ᠲᠡᠭᠦᠷᠭᠡ ᠶᠢᠨ ᠲᠣᠮᠢᠯᠠᠭᠰᠠᠨ ᠰᠠᠯᠪᠤᠷᠢ ᠵᠡᠷᠭᠡ ᠲᠠᠢ ᠬᠠᠮᠳᠤᠷᠠᠨ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠪᠢᠲᠡᠭᠦᠮᠵᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠨ ᠰᠢᠢᠤᠠᠪᠦᠷᠢᠯᠡᠬᠦ ᠰᠣᠷᠢᠯᠲᠠ ᠶᠢ ᠥᠷᠨᠢᠭᠦᠯᠪᠡ᠃     
8d38e62407e32b1041a7489ad66c069.jpg
      ᠲᠤᠰ ᠤᠳᠠᠭ᠎ᠠ ᠶᠢᠨ ᠰᠣᠷᠢᠯᠲᠠ ᠨᠢ ᠪᠡᠯᠡᠳᠬᠡᠯ ᠲᠥᠰᠦᠯ ᠤᠨ ᠶᠤᠰᠤᠭᠠᠷ ᠴᠢᠩᠭ᠎ᠠ ᠶᠠᠪᠤᠭᠳᠠᠭᠤᠯᠵᠦ᠂ ᠡᠩ ᠲᠡᠷᠢᠭᠦᠨ ᠳᠤ᠂ ᠪᠣᠯᠪᠠᠰᠤᠷᠠᠯ ᠤᠨ ᠲᠥᠪ ᠤᠨ ᠰᠤᠷᠭᠠᠭᠴᠢ ᠠᠴᠠ ᠬᠠᠮᠠᠭᠠᠯᠠᠯᠲᠠ ᠶᠢᠨ ᠬᠤᠪᠴᠠᠰᠤ ᠶᠢᠨ ᠡᠮᠦᠰᠴᠦ ᠵᠡᠭᠦᠬᠦ ᠶᠠᠪᠤᠴᠠ ᠶᠢ ᠨᠠᠷᠢᠨ ᠲᠠᠶᠢᠯᠪᠤᠷᠢᠯᠠᠵᠤ᠂ ᠠᠢ ᠭᠥᠸᠧ ᠲᠣᠮᠢᠯᠠᠭᠰᠠᠨ ᠰᠠᠯᠪᠤᠷᠢ ᠶᠢᠨ ᠳᠠᠷᠤᠭ᠎ᠠ ᠪᠠᠶ ᠵᠢᠩ ᠰᠢᠦᠢ ᠨᠦᠬᠦᠷ ᠦᠪᠡᠷ ᠤᠨ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠲᠤᠬᠠᠶ ᠶᠢᠨ ᠲᠠᠯᠠᠪᠠᠶ ᠶᠢᠨ ᠴᠠᠭᠳᠠᠭ᠎ᠠ ᠨᠢᠭᠡᠪᠦᠷᠢ ᠳᠤ ᠬᠠᠮᠠᠭᠠᠯᠠᠯᠲᠠ ᠶᠢᠨ ᠬᠤᠪᠴᠠᠰᠤ ᠶᠢᠨ ᠡᠮᠦᠰᠴᠦ ᠵᠡᠭᠦᠬᠦ ᠶᠠᠪᠤᠴᠠ ᠶᠢ ᠠᠩᠬᠠᠷᠬᠤ ᠵᠦᠢᠯ ᠢ ᠡᠵᠡᠮᠰᠢᠭᠦᠯᠪᠡ᠃ ᠳᠠᠷᠠᠭ᠎ᠠ ᠳᠤ ᠨᠢ᠂ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠠᠷᠤᠭ᠎ᠠ ᠯᠢ ᠯᠸᠢ ᠠᠴᠠ ᠲᠤᠬᠠᠶ ᠶᠢᠨ ᠲᠠᠯᠠᠪᠤᠷ ᠤᠨ ᠵᠢᠯᠣᠭᠤᠳᠤᠭᠴᠢ ᠶᠢᠨ ᠠᠩᠬᠠᠷᠬᠤ ᠵᠦᠢᠯᠡᠰ ᠢ ᠲᠠᠶᠢᠯᠪᠤᠷᠢᠯᠠᠬᠤ ᠳᠤ ᠪᠠᠨ᠂ ᠨᠢᠭᠡ ᠳᠤ ᠲᠤᠬᠠᠶ ᠶᠢᠨ ᠲᠠᠯᠠᠪᠤᠷ ᠤᠨ ᠨᠡᠶᠢᠭᠡᠮ ᠲᠣᠭᠤᠷᠢᠭ ᠤᠨ ᠪᠠᠶᠢᠳᠠᠯ ᠢ ᠣᠶᠢᠯᠠᠭᠠᠵᠤ᠂ ᠪᠤᠰᠤᠳ ᠣᠷᠣᠵᠤ ᠭᠠᠷᠬᠤ ᠭᠠᠵᠠᠷ ᠢ ᠪᠢᠲᠡᠭᠦᠮᠵᠢᠯᠡᠨ ᠡᠵᠡᠮᠳᠡᠵᠦ᠂ ᠵᠥᠪᠬᠡᠨ ᠨᠢᠭᠡ ᠯᠡ ᠣᠷᠤᠵᠤ ᠭᠠᠷᠬᠤ ᠡᠭᠦᠳᠡ ᠦᠯᠡᠳᠡᠭᠡᠬᠦ ᠬᠡᠷᠡᠭᠲᠡᠶ︔ ᠬᠤᠶᠠᠷ ᠲᠤ᠂ ᠲᠤᠬᠠᠢ ᠶᠢᠨ ᠲᠠᠯᠠᠪᠠᠢ ᠶᠢᠨ ᠴᠠᠭᠳᠠᠭᠠᠨ ᠤ ᠬᠦᠴᠦᠨ ᠢ ᠵᠣᠬᠢᠰᠲᠠᠢ ᠬᠤᠪᠢᠶᠠᠷᠢᠯᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠥᠮᠦᠨ᠂ ᠪᠣᠳᠠᠰ᠂ ᠣᠷᠴᠢᠨ ᠲᠣᠭᠤᠷᠢᠨ ᠤ ᠪᠢᠲᠡᠭᠦᠮᠵᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠭᠤᠷᠪᠠ ᠳᠤ ᠠᠷᠠᠳ ᠤᠨ ᠴᠠᠭᠳᠠᠭ᠎ᠠ ᠨᠢᠭᠡᠪᠦᠷᠢ ᠶᠢᠨ ᠥᠪᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠬᠤ ᠶᠢ ᠦᠨᠡᠨ ᠬᠦ ᠪᠠᠲᠤᠯᠠᠵᠤ᠂ ᠠᠯᠬᠤᠮ ᠳᠠᠷᠠᠭ᠎ᠠ ᠪᠠᠨ ᠲᠣᠳᠣᠷᠬᠠᠶ ᠪᠣᠯᠭᠠᠵᠤ᠂ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ︔ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠡᠳ᠋ ᠳᠠᠷᠤᠭ᠎ᠠ ᠪᠠᠢ ᠪᠦᠦ ᠰᠢᠶᠠᠩ ︽ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠪᠢᠲᠡᠭᠦᠮᠵᠢᠯᠡᠨ ᠡᠵᠡᠮᠳᠡᠬᠦ ᠠᠵᠢᠯ ᠤᠨ ᠳᠦᠷᠢᠮᠵᠢᠯ︾ ᠶᠣᠰᠣᠭᠠᠷ ᠪᠢᠲᠡᠭᠦᠮᠵᠢᠯᠡᠨ ᠡᠵᠡᠮᠳᠡᠬᠦ ᠪᠠᠭ᠎ᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠴᠢᠬᠤᠯᠠ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠲᠤ ᠮᠡᠳᠡᠭᠳᠡᠵᠦ ᠪᠢᠲᠡᠭᠦᠮᠵᠢᠯᠡᠨ ᠡᠵᠡᠮᠳᠡᠬᠦ ᠪᠠᠭ᠎ᠠ ᠲᠣᠭᠤᠷᠢᠭ ᠪᠣᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠢᠭᠤᠳ ᠰᠢᠯᠤᠭᠤᠨ ᠪᠠᠶᠢᠬᠤ ᠶᠢ ᠪᠠᠲᠤᠯᠠᠬᠤ ᠶᠢ ᠰᠠᠨᠠᠭᠤᠯᠪᠠ᠃ ᠬᠠᠮᠤᠭ ᠤᠨ ᠰᠡᠭᠦᠯ ᠳᠤ᠂ ᠾᠧ ᠫᠢᠩ ᠲᠣᠮᠢᠯᠠᠭᠰᠠᠨ ᠰᠠᠯᠪᠤᠷᠢ ᠶᠢᠨ ᠬᠢᠨ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠲᠠᠯ᠎ᠠ ᠪᠠᠷ ᠳᠠᠭᠤᠷᠢᠶᠠᠮᠠᠯ ᠰᠣᠷᠢᠯᠲᠠ ᠬᠢᠵᠦ᠂ ᠠᠢ ᠭᠥᠸᠧ ᠲᠤᠮᠢᠯᠠᠭᠰᠡᠨ ᠰᠠᠯᠪᠤᠷᠢ᠂  ᠦ᠋ ᠢ ᠲᠤᠮᠢᠯᠠᠭᠰᠡᠨ ᠰᠠᠯᠪᠤᠷᠢ᠂ ᠡᠮᠦᠨ᠎ᠡ ᠲᠡᠭᠦᠷᠭᠡ ᠲᠤᠮᠢᠯᠠᠭᠰᠡᠨ ᠰᠠᠯᠪᠤᠷᠢ ᠲᠣᠭᠤᠷᠢᠨ ᠦᠵᠡᠵᠦ ᠰᠤᠷᠤᠯᠴᠠᠪᠠ᠃     
9d9175b66c148cbb4fca69d590fa712.jpg
      ︽ᠰᠣᠷᠢᠯᠲᠠ ᠬᠢᠬᠦ ᠨᠢ ᠮᠥᠨ ᠴᠦ ᠪᠣᠳᠠᠲᠤ ᠪᠠᠶᠢᠯᠳᠤᠭᠠᠨ ᠮᠥᠨ︾᠂ ᠲᠤᠰ ᠤᠳᠠᠭᠠᠨ ᠤ ᠰᠣᠷᠢᠯᠲᠠ ᠪᠠᠷ ᠳᠠᠮᠵᠢᠭᠤᠯᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤ ᠬᠢᠵᠢᠭ ᠤᠨ ᠪᠠᠶᠢᠳᠠᠯ ᠢ ᠨᠡᠶᠢᠭᠡᠮ ᠲᠣᠭᠤᠷᠢᠭ ᠲᠤ ᠪᠢᠲᠡᠭᠦᠮᠵᠢᠯᠡᠨ ᠬᠢᠵᠠᠭᠠᠷᠯᠠᠬᠤ ᠠᠵᠢᠯ ᠤᠨ ᠲᠤᠬᠠᠶ ᠨᠡᠩ ᠭᠦᠨᠵᠡᠭᠡᠶ᠂ ᠨᠡᠩ ᠰᠢᠭᠤᠳ᠂ ᠨᠡᠩ ᠪᠦᠲᠦᠮᠵᠢᠲᠡᠶ ᠲᠠᠨᠢᠯᠲᠠ ᠲᠠᠢ ᠪᠣᠯᠭᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠲᠤᠰ ᠤᠳᠠᠭ᠎ᠠ ᠶᠢᠨ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠡᠯᠡᠳᠬᠡᠯ ᠲᠥᠰᠦᠯ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠶᠠᠪᠤᠴᠠ ᠶᠢ ᠣᠶᠢᠯᠠᠭᠠᠵᠤ᠂ ᠰᠡᠷᠭᠡᠶᠢᠯᠡᠨ ᠡᠵᠡᠮᠳᠡᠬᠦ ᠮᠡᠳᠡᠯᠭᠡ ᠶᠢ ᠡᠵᠡᠮᠰᠢᠵᠦ᠂ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃  ︵ᠬᠢᠩᠭᠠᠨ ᠠᠶᠢᠮᠠᠭ ᠤᠨ ᠲᠣᠳᠤᠭᠠᠳᠣ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ