ᠵᠡᠭᠦᠨ ᠦᠵᠣᠮᠣᠴᠢᠨ ᠬᠤᠰᠢᠭᠤᠨ ᠤ ᠲᠣᠲᠣᠭᠠᠲᠣ ᠶᠢ ᠬᠠᠮᠠᠭᠠᠯᠠᠬᠤ ᠲᠣᠪᠴᠢᠶ᠎ᠠ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠰᠢᠪᠳᠤᠯᠤᠯᠲᠠ ᠶᠢᠨ ᠰᠣᠷᠢᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/12/21
          ᠵᠡᠭᠦᠨ ᠦᠵᠣᠮᠣᠴᠢᠨ ᠬᠤᠰᠢᠭᠤᠨ ᠤ ᠲᠣᠲᠣᠭᠠᠲᠣ ᠶᠢ ᠬᠠᠮᠠᠭᠠᠯᠠᠬᠤ ᠲᠣᠪᠴᠢᠶ᠎ᠠ ᠪᠠᠴᠢᠮ ᠪᠠᠶᠢᠳᠠᠯ ᠢ           ᠠᠷᠭᠠᠴᠠᠭᠠᠬᠤ ᠭᠡᠨᠡᠳᠲᠡ ᠶᠢᠨ ᠰᠢᠪᠳᠤᠯᠤᠯᠲᠠ ᠶᠢᠨ ᠰᠣᠷᠢᠯᠲᠠ ᠶᠢᠨ ᠠᠵᠢᠯᠯᠠᠭ᠎ᠠ ᠦᠷᠨᠢᠭᠦᠯᠪᠡ               12 ᠳ᠋ᠤᠭᠠᠷ ᠰᠠᠷ᠎ᠠ ᠶᠢᠨ 15 ᠤ ᠡᠳᠣᠷ᠂ ᠵᠡᠭᠦᠨ ᠦᠵᠣᠮᠣᠴᠢᠨ ᠬᠤᠰᠢᠭᠤᠨ ᠤ ᠲᠣᠲᠣᠭᠠᠲᠣ ᠶᠢ ᠬᠠᠮᠠᠭᠠᠯᠠᠬᠤ ᠲᠣᠪᠴᠢᠶ᠎ᠠ ᠰᠦᠷᠳᠡᠬᠦᠯᠦᠯ  ᠢ ᠡᠰᠡᠷᠭᠦᠴᠡᠬᠦ᠂ ᠣᠨᠴᠠ ᠲᠥᠷᠦᠯ ᠤᠨ ᠴᠬᠠᠳᠠᠭ᠎ᠠ ᠶᠢᠨ ᠶᠡᠭᠡ ᠠᠩᠭᠢ ᠪᠣᠯᠣᠨ ᠠᠮᠣᠷ ᠢ ᠬᠠᠮᠠᠭᠠᠯᠠᠬᠤ ᠶᠡᠭᠡ ᠠᠩᠭᠢ ᠶᠢᠨ ᠴᠬᠠᠳᠠᠭ᠎ᠠ ᠶᠢ ᠵᠣᠬᠢᠶᠠᠨ ᠪᠠᠶᠢᠭᠤᠯᠵᠣ ᠣᠯᠠᠨ ᠨᠡᠶᠢᠲᠡ ᠶᠢᠨ ᠲᠠᠯᠠᠪᠤᠷ᠂ ᠠᠶᠠᠠᠴᠢᠳ ᠤᠨ ᠲᠡᠷᠭᠡᠨ ᠦᠷᠲᠡᠭᠡ᠂ ᠨᠡᠶᠢᠲᠡ ᠶᠢᠨ ᠮᠠᠰᠢᠨ ᠲᠡᠷᠭᠡᠨ ᠦᠷᠲᠡᠭᠡᠨ ᠳᠤ ᠬᠦᠷᠴᠣ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠰᠢᠪᠳᠤᠯᠤᠯᠲᠠ᠂ ᠪᠣᠭᠤᠳᠠᠯ ᠪᠠᠭᠯᠠᠭ᠎ᠠ ᠶᠢ ᠪᠠᠶᠢᠴᠠᠭᠠᠬᠤ ᠵᠡᠷᠭᠡ ᠪᠣᠳᠠᠲᠣ ᠳᠠᠶᠢᠨ ᠤ ᠦᠨᠡᠨ ᠪᠠᠶᠢᠳᠠᠯ ᠢᠶᠠᠷ ᠲᠡᠮᠡᠴᠡᠯ ᠤᠨ ᠠᠵᠢᠯᠯᠠᠭ᠎ᠠ ᠦᠷᠨᠢᠭᠦᠯᠪᠡ᠃ ᠠᠷᠠᠳ ᠤᠨ ᠠᠮᠢ  ᠨᠠᠰᠦ᠂ ᠡᠳ᠋ ᠬᠦᠷᠦᠩᠭᠡ ᠶᠢ ᠬᠠᠮᠠᠭᠠᠯᠠᠬᠤ ᠶᠢᠨ ᠲᠣᠰᠠᠲᠠ ᠰᠡᠵᠢᠭᠳᠡᠢ ᠡᠲᠡᠭᠡᠳ ᠢ ᠲᠠᠷᠣᠢ ᠲᠦᠷᠭᠡᠨ ᠪᠠᠷᠢᠪᠴᠢᠯᠠᠵᠣ᠂ ᠬᠤᠬᠢᠷᠠᠯ ᠦᠬᠡᠢ᠂ ᠬᠤᠣᠷ ᠨᠦᠯᠦᠭᠡ ᠦᠭᠡᠢ ᠪᠠᠶᠢᠬᠤ ᠶᠢ  ᠪᠠᠲᠣᠯᠠᠪᠠ᠃   
5ebdfe297bca2d2e65b636d37a8f8ce.jpg
      ᠬᠤᠶᠢᠰᠢᠲᠠ ᠴᠬᠠᠳᠠᠭᠠᠨ ᠡᠩᠨᠡᠭᠡᠨ ᠤ ᠪᠠᠶᠢᠯᠳᠣᠬᠤ ᠪᠣᠳᠣᠯᠭ᠎ᠠ ᠶᠢ ᠣᠯᠠᠮ ᠨᠢᠭᠡ ᠠᠯᠬᠤᠮ ᠴᠢᠩᠭᠠᠳᠬᠠᠵᠣ᠂ ᠨᠡᠶᠢᠭᠡᠮ ᠤᠨ ᠠᠮᠣᠷ ᠲᠦᠪᠰᠢᠨ᠂ ᠠᠷᠠᠳ ᠤᠨ ᠠᠮᠤᠷ ᠠᠮᠤᠭᠤᠯᠠᠩ ᠳᠤ  ᠪᠠᠲᠦ ᠪᠠᠬᠢ ᠰᠠᠭᠤᠷᠢ ᠶᠢ ᠲᠠᠯᠪᠢᠵᠤ ᠥᠭᠪᠡ᠃ ︵ᠵᠡᠭᠦᠨ ᠦᠵᠣᠮᠣᠴᠢᠨ ᠬᠤᠰᠢᠭᠤᠨ ᠤ ᠲᠣᠲᠣᠭᠠᠲᠣ ᠶᠢ ᠬᠠᠮᠠᠭᠠᠯᠠᠬᠤ ᠲᠣᠪᠴᠢᠶᠠᠨ ᠤ ᠰᠠᠷᠠᠩᠭᠤᠸ᠎ᠠ ᠂ ᠲᠡᠮᠣᠷᠴᠢᠯᠠᠭᠤ ᠮᠡᠳᠡᠭᠡᠯᠡᠪᠡ︶
ᠢᠷᠡᠯᠲᠡ᠄ ᠰᠢᠯᠢ ᠶᠢᠨ ᠭᠤᠣᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ