ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠨᠡᠨᠴᠢ ᠰᠢᠳᠤᠷᠭᠤ ᠪᠠᠷ ᠲᠤᠰᠢᠶᠠᠯ ᠢᠶᠠᠨ ᠭᠦᠶᠴᠡᠳᠬᠡᠬᠦ ᠪᠠᠷ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠦᠶ᠎ᠡ
ᠨᠡᠶᠢᠲᠡᠯᠡᠭᠰᠡᠨ ᠴᠠᠭ᠄
2021/12/28
          ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠨᠡᠨᠴᠢ ᠰᠢᠳᠤᠷᠭᠤ ᠪᠠᠷ           ᠲᠤᠰᠢᠶᠠᠯ ᠢᠶᠠᠨ ᠭᠦᠶᠴᠡᠳᠬᠡᠬᠦ ᠪᠠᠷ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠦᠶ᠎ᠡ        ᠭᠤᠷᠪᠠᠨ ᠵᠢᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠳᠤᠮᠳᠠ᠂ ᠮᠠᠨ ᠤ ᠲᠣᠪᠴᠢᠶ᠎ᠠ ᠶᠢᠨ 2019 ᠣᠨ ᠳᠤ ᠳᠡᠩᠨᠡᠨ ᠢᠯᠡᠷᠡᠭᠦᠯᠦᠭᠰᠡᠨ ᠷᠧᠨ ᠯᠢ ᠵᠥᠩ ᠤᠨ ᠬᠠᠷ᠎ᠠ ᠪᠦᠯᠦᠭᠳᠡᠨ ᠬᠠᠷᠭᠢᠰ ᠬᠦᠴᠦᠨ ᠤ ᠡᠪᠰᠡᠯ ᠪᠦᠯᠦᠭ ᠤᠨ ᠶᠠᠯᠠᠲᠤ ᠬᠡᠷᠡᠭ ᠨᠢ ᠶᠠᠯᠠᠲᠤ ᠡᠲᠡᠭᠡᠳ ᠤᠨ ᠭᠠᠯᠵᠠᠭᠤ ᠣᠮᠤᠭ ᠰᠦᠷ ᠲᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠦᠴᠦᠲᠡᠶ ᠬᠠᠮᠠᠭᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ᠂ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠳᠤ᠂ ᠠᠮᠤᠷ ᠠᠮᠤᠭᠤᠯᠠᠩ ᠪᠠᠷᠠᠭᠤᠨ ᠰᠥᠨᠢᠳ᠂ ᠬᠠᠥᠯᠢ ᠪᠠᠷ ᠵᠠᠰᠠᠭᠰᠠᠨ ᠪᠠᠷᠠᠭᠤᠨ ᠰᠥᠨᠢᠳ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠤᠰ ᠬᠡᠷᠡᠭ ᠤᠨ ᠲᠠᠰᠤᠯᠤᠯᠲᠠ ᠬᠦᠴᠦᠨ ᠲᠠᠢ ᠪᠣᠯᠤᠭᠰᠠᠨ ᠤ ᠳᠠᠷᠠᠭ᠎ᠠ᠂ ᠬᠡᠰᠡᠭ ᠬᠤᠣᠷᠯᠠᠭᠳᠠᠭᠴᠢ ᠶᠢᠨ ᠬᠡᠷᠡᠭ ᠡᠭᠦᠰᠦᠭᠰᠡᠨ ᠴᠠᠭ ᠨᠢ ᠤᠷᠲᠤ᠂ ᠭᠠᠳᠠᠨ᠎ᠠ ᠣᠷᠣᠨ ᠳᠤ ᠠᠮᠢᠳᠤᠷᠠᠵᠤ ᠪᠠᠶᠢᠭ᠎ᠠ ᠵᠡᠷᠭᠡ ᠵᠦᠢᠯ ᠠᠴᠠ ᠪᠣᠯᠵᠤ ᠬᠡᠷᠡᠭ ᠢ ᠲᠤᠷᠰᠢᠨ ᠪᠠᠶᠢᠴᠠᠭᠠᠵᠤ ᠪᠠᠶᠢᠬᠤ ᠬᠤᠭᠤᠴᠠᠭᠠᠨ ᠳᠤ ᠴᠠᠭ ᠲᠤᠬᠠᠶ ᠳᠤᠨᠢ ᠬᠡᠷᠡᠭ ᠮᠡᠳᠡᠭᠦᠯᠦᠭᠰᠡᠨ ᠦᠭᠡᠶ ᠪᠤᠶᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠬᠠᠩᠭᠠᠭᠰᠠᠨ ᠦᠭᠡᠶ ᠠᠴᠠ ᠪᠣᠯᠵᠤ᠂ ᠠᠯᠪᠠᠳᠠᠯᠭ᠎ᠠ ᠪᠠᠷ ᠠᠷᠠᠯᠵᠢᠶᠠᠯᠠᠭᠰᠠᠨ ᠬᠡᠷᠡᠭ ᠲᠤ ᠬᠠᠤᠯᠢ ᠶᠣᠰᠣᠭᠠᠷ ᠮᠠᠭᠠᠳᠯᠠᠨ ᠲᠣᠭᠳᠠᠭᠠᠭᠳᠠᠭᠰᠠᠨ ᠦᠭᠡᠶ ᠪᠤᠶᠤ ᠣᠷᠬᠢᠭᠳᠠᠭᠤᠯᠤᠭᠰᠠᠨ ᠠᠴᠠ ᠪᠣᠯᠵᠤ ᠵᠣᠬᠢᠴᠠᠩᠭᠤᠶ ᠲᠥᠯᠥᠪᠦᠷᠢ ᠣᠯᠵᠤ ᠴᠢᠳᠠᠭᠰᠠᠨ ᠦᠭᠡᠶ᠃      2021 ᠣᠨ ᠠᠴᠠ ᠨᠠᠭᠠᠰᠢ᠂ ᠮᠠᠨ ᠤ ᠲᠣᠪᠴᠢᠶ᠎ᠠ ᠣᠯᠠᠨ ᠲᠦᠮᠡᠨ ᠤ ᠯᠠᠪᠯᠠᠭ᠎ᠠ ᠶᠢ ᠣᠯᠠᠨ ᠤᠳᠠᠭ᠎ᠠ ᠭᠥᠯᠢᠶᠡᠨ ᠠᠪᠤᠭᠰᠠᠨ ᠪᠤᠶᠤ ᠲᠦᠷᠢᠶᠡᠰᠦᠨ ᠮᠠᠰᠢᠨ ᠲᠡᠷᠭᠡ ᠶᠢ ᠠᠯᠪᠠᠳᠠᠯᠭ᠎ᠠ ᠪᠠᠷ ᠰᠦᠶᠳᠬᠡᠯ ᠬᠤᠷᠢᠶᠠᠭᠠᠳ ᠲᠥᠯᠥᠪᠦᠷᠢ ᠣᠯᠵᠤ ᠴᠢᠳᠠᠭᠰᠠᠨ ᠥᠬᠡᠶ ᠠᠰᠠᠭᠤᠳᠠᠯ ᠢ ᠲᠤᠰᠬᠠᠭᠰᠠᠨ ᠪᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠥᠪ ᠤᠨ ᠪᠠᠶᠢᠩᠭᠤᠵᠢᠭᠰᠠᠨ ᠴᠢᠩᠭ᠎ᠠ ᠴᠣᠬᠢᠯᠲᠠ ᠥᠭᠬᠦ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠵᠦ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠮᠠᠨ ᠤ ᠲᠣᠪᠴᠢᠶᠠᠨ ᠤ ᠨᠠᠮ ᠤᠨ ᠬᠤᠷᠢᠶ᠎ᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶᠠᠨ ᠳᠠᠷᠤᠭ᠎ᠠ ᠵᠣᠣ ᠶᠦᠩ ᠲᠣᠰ ᠬᠡᠷᠡᠭ ᠢ ᠳᠡᠩᠨᠡᠨ ᠰᠢᠶᠳᠪᠦᠷᠢᠯᠡᠬᠦ ᠶᠠᠪᠤᠴᠠ ᠵᠢᠴᠢ ᠲᠠᠷᠠᠭᠠᠴᠢ ᠶᠢᠨ ᠲᠥᠯᠥᠪᠦᠷᠢ ᠥᠭᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠥᠬᠡᠶ᠂ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠬᠠᠮᠵᠢᠯᠴᠠᠵᠤ ᠪᠠᠶᠢᠭᠠᠳ ᠬᠤᠤᠷᠯᠠᠭᠳᠠᠭᠰᠠᠨ ᠣᠯᠠᠨ ᠲᠦᠮᠡᠨ ᠤ ᠬᠤᠬᠢᠷᠠᠯ ᠢ ᠡᠭᠡᠭᠦᠯᠦᠨ ᠠᠪᠴᠢᠷᠠᠬᠤ ᠬᠡᠷᠡᠭᠲᠡᠶ ᠭᠡᠵᠦ ᠲᠣᠳᠣᠷᠬᠠᠶ ᠵᠢᠭᠠᠪᠤᠷᠢᠯᠠᠪᠠ᠃ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠢᠳᠡᠪᠬᠢᠲᠡᠶ ᠠᠵᠢᠯᠯᠠᠵᠤ᠂ ᠬᠡᠷᠡᠭ ᠤᠨ ᠡᠪᠬᠡᠮᠡᠯ ᠢ ᠪᠠᠶᠢᠴᠠᠭᠠᠨ ᠦᠵᠡᠬᠦ᠂ ᠲᠤᠬᠠᠶ ᠶᠢᠨ ᠬᠥᠮᠦᠨ ᠢ ᠬᠠᠷᠢᠭᠤ ᠰᠤᠷᠪᠤᠯᠵᠢᠯᠠᠬᠤ᠂ ᠭᠡᠷᠡᠴᠢ ᠪᠠᠷᠢᠮᠲᠠ ᠰᠢᠯᠵᠢᠭᠦᠯᠦᠨ ᠴᠤᠭᠯᠠᠭᠤᠯᠬᠤ᠂ 40 ᠭᠠᠷᠤᠶ ᠬᠤᠪᠢ ᠲᠡᠮᠳᠡᠭᠯᠡᠯ ᠬᠢᠬᠦ ᠶᠢᠨ ᠬᠠᠮᠲᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠪᠦᠬᠦᠨ ᠢ ᠮᠠᠨ ᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠰᠢᠯᠵᠢᠭᠦᠯᠦᠨ ᠬᠦᠷᠭᠡᠵᠦ᠂ ᠬᠠᠮᠤᠭ ᠤᠨ ᠡᠴᠦᠰ ᠲᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠮᠠᠨ ᠤ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ ᠭᠡᠷᠡᠴᠢ ᠪᠠᠷᠢᠮᠲᠠ ᠶᠢ ᠦᠨᠳᠦᠰᠦᠯᠡᠨ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ 30 ᠭᠠᠷᠤᠶ ᠲᠦᠷᠢᠶᠡᠰᠦᠨ ᠮᠠᠰᠢᠨ ᠤ ᠵᠢᠯᠣᠭᠤᠴᠢ ᠶᠢᠨ ᠲᠤᠰᠬᠠᠭᠰᠠᠨ ᠠᠰᠠᠭᠤᠳᠠᠯ ᠢ ᠪᠦᠬᠦᠨ ᠢ ᠰᠢᠶᠳᠪᠦᠷᠢᠯᠡᠵᠦ᠂ ᠣᠲᠣ 30 ᠭᠠᠷᠤᠶ ᠣᠯᠠᠨ ᠲᠦᠮᠡᠨ ᠴᠥᠮ ᠲᠣᠰ ᠲᠣᠰ ᠤᠨ ᠪᠤᠴᠠᠭᠠᠭᠰᠠᠨ ᠲᠥᠯᠥᠪᠦᠷᠢ ᠶᠢᠨ ᠵᠣᠭᠤᠰ ᠢᠶᠠᠨ ᠨᠡᠶᠢᠲᠡ 20 ᠭᠠᠷᠤᠶ ᠲᠦᠮᠡᠨ ᠲᠥᠭᠦᠷᠢᠭ ᠣᠯᠤᠭᠰᠠᠨ ᠪᠠᠶᠢᠨ᠎ᠠ᠃
      微信图片_20211217160405.jpg
      2021 ᠣᠨ ᠤ 12 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠪᠠᠶᠠᠷ ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ 6 ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠮᠠᠨ ᠤ ᠲᠣᠪᠴᠢᠶ᠎ᠠ ᠳᠤ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠣᠯᠠᠨ ᠲᠦᠮᠡᠨ ᠢ ᠬᠠᠶᠢᠷ᠎ᠠ ᠰᠡᠳᠬᠢᠯᠭᠡ ᠪᠠᠷ ᠳᠤᠯᠠᠭᠠᠴᠠᠭᠤᠯᠬᠤ︾ ᠬᠡᠮᠡᠷᠯᠢᠭ ᠲᠤᠭ ᠬᠦᠷᠭᠡᠭᠰᠡᠨ ᠪᠥᠭᠡᠳ ᠮᠠᠨ ᠤ ᠲᠣᠪᠴᠢᠶ᠎ᠠ ᠶᠢᠨ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠠᠮᠲᠤ ᠶᠢᠨ ᠲᠥᠯᠥᠭᠡ ᠭᠤᠶᠠᠴᠢ ᠥᠬᠡᠶ᠂ ᠰᠡᠳᠬᠢᠯ ᠳᠤ ᠪᠠᠨ ᠠᠷᠠᠳ ᠣᠯᠠᠨ ᠤ ᠠᠵᠢᠯ ᠦᠶᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠨ ᠰᠡᠳᠬᠢᠯᠭᠡ ᠲᠠᠢ ᠪᠠᠷ ᠮᠠᠭᠲᠠᠨ ᠰᠠᠶᠢᠰᠢᠶᠠᠪᠠ᠃ ᠬᠠᠬᠢᠷ ᠡᠪᠦᠯ ᠪᠣᠯᠤᠭᠰᠠᠨ ᠴᠤ᠂ ᠤᠯᠠᠭᠠᠨ ᠬᠡᠮᠡᠷᠯᠢᠭ ᠲᠤᠭ ᠨᠢ ᠣᠯᠠᠨ ᠲᠦᠮᠡᠨ ᠤ ᠭᠠᠯ ᠬᠠᠯᠠᠭᠤᠨ ᠰᠡᠳᠬᠢᠯ ᠢ ᠲᠤᠰᠬᠠᠵᠤ᠂ ᠠᠷᠠᠳ ᠤᠨ ᠴᠠᠭᠳᠠᠭ᠎ᠠ ᠶᠢᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠪᠥᠬᠦ ᠠᠷᠠᠳ ᠤᠨ ᠴᠠᠭᠳᠠᠭ᠎ᠠ ᠵᠠᠪᠠᠯ ᠡᠨᠡ ᠬᠦ ᠬᠡᠮᠡᠷᠯᠢᠭ ᠲᠤᠭ ᠢᠶᠠᠷ ᠲᠣᠯᠢ ᠪᠣᠯᠭᠠᠵᠤ᠂ ᠴᠠᠭ ᠢᠮᠠᠭᠲᠠ ᠥᠪᠡᠷ ᠢ ᠪᠠᠨ ᠭᠡᠷᠡᠯᠲᠦᠭᠦᠯᠵᠦ᠂ ᠥᠪᠡᠷ ᠢ ᠪᠠᠨ ᠰᠡᠷᠡᠮᠵᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠶᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠬᠠᠤᠯᠢ ᠶᠣᠰᠣᠭᠠᠷ ᠬᠡᠷᠡᠭ ᠰᠢᠶᠳᠪᠦᠷᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠨ᠂ ᠣᠯᠠᠨ ᠲᠦᠮᠡᠨ ᠨᠢᠭᠡᠪᠦᠷᠢ ᠳᠤ ᠲᠥᠪ ᠭᠤᠤᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠥᠷᠥᠭᠳᠡᠯ ᠣᠯᠭᠤᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠳᠣᠲᠣᠭᠠᠳᠤ ᠶᠢ ᠬᠠᠮᠠᠭᠠᠯᠠᠬᠤ ᠶᠢᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ᠂ ᠦᠵᠡᠰᠬᠦᠯᠡᠩᠲᠦ ᠰᠠᠶᠢᠬᠠᠨ ︽ᠳᠤᠮᠳᠠᠳᠤ ᠶᠢᠨ ᠬᠦᠰᠡᠯ ᠵᠡᠭᠦᠳᠦ︾ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ᠃ ︵ᠰᠦᠨᠢᠳ ᠪᠠᠷᠠᠭᠤᠨ ᠬᠤᠰᠢᠭᠤᠨ  ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ  ᠰᠤᠪᠤᠳᠤᠩᠬᠤᠸᠠᠷ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ