ᠲᠤᠳᠤᠭᠠᠳᠤ ᠶᠢ ᠬᠠᠮᠠᠭᠠᠯᠠᠬᠤ 32 ᠵᠦᠢᠯ ᠤᠨ ᠲᠤᠬᠠᠶᠢᠯᠠᠭᠰᠠᠨ ᠠᠵᠢᠯ  ᠢ  ᠸᠢᠴᠠᠲ ᠲᠡᠭᠡᠷ᠎ᠡ  ᠪᠤᠯᠵᠦᠨ  ᠡᠷᠬᠢᠯᠡᠬᠦ ᠪᠣᠯᠪᠠ
ᠨᠡᠶᠢᠲᠡᠯᠡᠭᠰᠡᠨ ᠴᠠᠭ᠄
2021/2/8
         ᠲᠤᠳᠤᠭᠠᠳᠤ ᠶᠢ ᠬᠠᠮᠠᠭᠠᠯᠠᠬᠤ 32 ᠵᠦᠢᠯ ᠤᠨ ᠲᠤᠬᠠᠶᠢᠯᠠᠭᠰᠠᠨ          ᠠᠵᠢᠯ   ᠢ  ᠸᠢᠴᠠᠲ ᠲᠡᠭᠡᠷ᠎ᠡ  ᠪᠤᠯᠵᠦᠨ  ᠡᠷᠬᠢᠯᠡᠬᠦ ᠪᠣᠯᠪᠠ                    ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ  ᠲᠤᠪᠴᠢᠶ᠎ᠠ ᠨᠢ ᠲᠤᠤᠷ ᠰᠦᠯᠵᠢᠶ᠎ᠡ ᠶᠢ ᠢᠳᠡᠪᠬᠢᠳᠡᠢ ᠠᠰᠢᠭᠯᠠᠵᠦ᠂ ᠭᠠᠷ ᠤᠳᠠᠰᠤᠨ ᠤ ᠠᠷᠠᠳ  ᠲᠤ ᠲᠦᠬᠦᠮ ᠦᠵᠡᠬᠦᠯᠬᠦ ᠤᠶᠢᠯᠡᠴᠢᠯᠡᠭᠡᠨ ᠤ ᠲᠠᠪᠴᠠᠩ ᠢ  ᠪᠠᠶᠢᠭᠤᠯᠤᠨ᠂ ᠤᠶᠤᠨᠳᠤ ᠴᠠᠭᠳᠠᠭᠠᠨ ᠶᠠᠪᠤᠳᠠᠯ ᠤᠨ ᠰᠢᠨ᠎ᠡ ᠬᠡᠪ ᠵᠠᠭᠪᠤᠷ ᠢ ᠡᠬᠦᠳᠴᠦ᠂ 2021 ᠤᠨ ᠤ 2 ᠳ᠋ᠤᠭᠠᠷ ᠰᠠᠷ᠎ᠠ ᠶᠢᠨ 1 ᠤ ᠡᠳᠤᠷ ᠠᠴᠠ ᠡᠬᠢᠯᠡᠨ᠂ ᠲᠤᠳᠤᠭᠠᠳᠤ ᠶᠢ ᠬᠠᠮᠠᠭᠠᠯᠠᠬᠤ 32 ᠵᠤᠷᠪᠤᠰ ᠲᠤᠬᠠᠶᠢᠯᠠᠭᠰᠠᠨ ᠠᠵᠢᠯ ᠢ ᠸᠢᠴᠠᠲ ᠲᠠᠪᠴᠠᠩ ᠲᠡᠭᠡᠷ᠎ᠡ ᠪᠤᠯᠵᠦᠨ ᠲᠤᠭᠳᠠᠵᠦ ᠡᠷᠬᠢᠯᠡᠬᠦ ᠪᠤᠯᠤᠯ᠎ᠠ᠃      
     ᠪᠤᠯᠵᠦᠨ ᠲᠤᠭᠳᠠᠬᠤ ᠦᠢᠯᠡᠴᠢᠯᠡᠭᠡ ᠶᠢ ᠡᠷᠤᠬᠡ ᠠᠮᠠ ᠶᠢᠨ ᠲᠤᠬᠠᠶᠢᠯᠠᠭᠰᠠᠨ ᠠᠵᠢᠯ᠂ ᠰᠠᠶ᠋ᠢ ᠭᠠᠷᠤᠭᠰᠠᠨ ᠬᠡᠦᠭᠡᠳ ᠢ ᠲᠡᠮᠳᠡᠭᠯᠡᠬᠦ᠂ ᠰᠠᠭᠤᠭ᠎ᠠ ᠭᠠᠵᠠᠷ ᠤᠨ ᠦᠨᠡᠮᠯᠡᠯ ᠬᠢᠬᠦ᠂ ᠪᠡᠶ᠎ᠡ ᠶᠢᠨ ᠦᠨᠡᠮᠯᠡᠯ ᠬᠢᠬᠦ᠂ ᠲᠦᠰᠢᠭᠯᠡᠵᠦ ᠡᠷᠤᠬᠡ ᠠᠮᠠᠨ ᠲᠤᠭ᠎ᠠ ᠤᠷᠤᠭᠤᠯᠬᠤ᠂ ᠲᠦᠷᠦᠬᠦ ᠪᠠ ᠡᠷᠬᠦᠨ ᠲᠡᠵᠢᠬᠡᠬᠦ᠂ ᠲᠡᠷᠭᠡ ᠬᠦᠰᠭᠡᠨ ᠤ ᠬᠠᠮᠢᠶᠠᠷᠤᠯᠳᠠ ᠶᠢᠨ ᠰᠠᠯᠪᠤᠷᠢ ᠶᠢᠨ ᠲᠤᠬᠠᠶᠢᠯᠠᠭᠰᠠᠨ ᠠᠵᠢᠯ ᠵᠡᠷᠭᠡ ᠲᠤᠯᠤᠭᠠᠨ ᠶᠡᠭᠡ ᠲᠦᠷᠦᠯ ᠳᠤ ᠬᠤᠪᠢᠶᠠᠵᠦ᠂ ᠨᠡᠶᠢᠳᠡ 32 ᠵᠤᠷᠪᠤᠰ ᠲᠤᠬᠠᠶᠢᠯᠠᠭᠰᠠᠨ ᠠᠵᠢᠯ   ᠤᠨ ᠠᠭᠤᠯᠭ᠎ᠠ ᠲᠠᠢ᠃      
     ᠬᠡᠷᠡᠭᠯᠡᠭᠴᠢᠳ ᠠᠴᠠ ᠭᠠᠷ ᠤᠳᠠᠰᠤᠨ ᠤ ᠸᠢᠴᠠᠲ ᠲᠠᠪᠴᠠᠩ ᠢᠶᠠᠨ ᠠᠰᠢᠭᠯᠠᠵᠦ᠂ ᠰᠢᠯᠢ   ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ︽ᠠᠮᠤᠭᠤᠯᠠᠩ ᠰᠢᠯᠢ ᠶᠢᠨ ᠬᠤᠳᠠ︾  ᠸᠢᠴᠠᠲ ᠤᠯᠠᠨ ᠨᠡᠶᠢᠳᠡ ᠶᠢᠨ ᠲᠡᠪᠴᠠᠩ   ᠢ ᠬᠠᠶᠢᠨ ᠰᠢᠷᠪᠢᠵᠦ ᠠᠩᠬᠠᠷᠤᠯ ᠳᠤ ᠪᠠᠨ ᠠᠪᠤᠭᠰᠠᠨ ᠤ ᠲᠠᠷᠠᠭ᠎ᠠ᠂ ᠲᠤᠰ ᠲᠠᠪᠴᠠᠩ   ᠤᠨ ᠵᠡᠬᠦᠨ ᠲᠤᠤᠷ᠎ᠠ ᠲᠠᠯ᠎ᠠ ᠳᠤ ᠪᠠᠶᠢᠭ᠎ᠠ ᠠᠷᠠᠳ ᠲᠤ ᠲᠦᠬᠦᠮ ᠦᠵᠡᠬᠦᠯᠬᠦ ᠤᠯᠠᠨ ᠳᠤ ᠮᠡᠳᠡᠭᠳᠡᠬᠦ ᠪᠤᠯᠤᠩ ᠳᠤ ᠤᠷᠤᠵᠦ᠂ ᠦᠪᠡᠷ ᠤᠨ ᠬᠢᠯᠬᠡᠬᠦ ᠴᠢᠬᠤᠯᠠᠳᠠᠢ ᠲᠤᠳᠤᠭᠠᠳᠤ ᠶᠢ ᠬᠠᠮᠠᠭᠠᠯᠬᠠᠤ ᠲᠤᠬᠠᠶᠢᠯᠠᠭᠰᠠᠨ ᠠᠵᠢᠯ ᠤᠨ ᠲᠤᠬᠠᠢ ᠰᠤᠩᠭᠤᠵᠦ᠂ ᠲᠤᠰ ᠠᠵᠢᠯ ᠢ ᠬᠠᠷᠢᠭᠤᠴᠠᠵᠦ ᠪᠠᠶᠢᠭ᠎ᠠ ᠠᠷᠠᠳ ᠤᠨ ᠴᠠᠭᠳᠠᠭ᠎ᠠ  ᠲᠠᠢ ᠤᠷᠢᠳᠠᠪᠠᠷ ᠪᠤᠯᠵᠦᠨ ᠲᠤᠭᠳᠠᠵᠦ ᠪᠤᠯᠤᠨ᠎ᠠ᠃ ᠠᠩᠬ᠎ᠠ ᠤᠳᠠᠭ᠎ᠠ ᠪᠤᠯᠵᠤᠨ ᠲᠤᠭᠳᠠᠬᠤ ᠳᠤ᠂ ᠵᠠᠪᠠᠯ ᠪᠤᠳᠠᠳᠤ ᠨᠡᠷ᠎ᠡ ᠪᠠ ᠤᠳᠠᠰᠤᠨ ᠳ᠋ᠤᠭᠠᠷ᠂  ᠪᠡᠶ᠎ᠡ ᠶᠢᠨ ᠦᠨᠡᠮᠯᠡᠯ   ᠢᠶᠠᠨ ᠲᠠᠭᠯᠠᠵᠦ ᠪᠦᠷᠢᠳᠭᠡᠬᠦᠯᠦᠭᠰᠡᠨ  ᠪᠠᠶᠢᠬᠤ ᠬᠡᠷᠡᠭᠳᠠᠢ᠃ ᠪᠣᠯᠵᠣᠨ ᠲᠤᠭᠳᠠᠬᠤ ᠠᠭᠤᠯᠭ᠎ᠠ ᠳᠤ᠂  ᠰᠠᠭᠤᠭ᠎ᠠ ᠭᠠᠵᠠᠷ᠂ ᠲᠤᠳᠤᠷᠬᠠᠢ ᠬᠠᠶ᠋ᠢᠭ᠂ ᠪᠤᠯᠵᠤᠬᠤ ᠴᠠᠭ᠂  ᠬᠢᠯᠬᠡᠬᠦ ᠠᠵᠢᠯ ᠤᠨ ᠲᠤᠬᠠᠢ ᠲᠠᠭᠯᠠᠭᠰᠠᠨ ᠤ ᠲᠠᠷᠠᠭ᠎ᠠ᠂  ᠭᠠᠷ ᠬᠦᠢᠴᠠᠳᠬᠡᠯ ᠳᠤ ᠪᠡᠯᠡᠳᠬᠡᠬᠦ ᠴᠢᠬᠤᠯᠠᠳᠠᠢ ᠮᠠᠲ᠋ᠧᠷᠢᠶᠠᠯ ᠢᠶᠠᠨ ᠠᠪᠴᠦ᠂ ᠪᠤᠯᠵᠤᠭᠰᠠᠨ ᠴᠠᠭ ᠲᠤ ᠪᠠᠨ ᠲᠤᠬᠠᠢ ᠶᠢᠨ ᠠᠵᠢᠯ ᠢ ᠬᠠᠷᠢᠭᠤᠴᠠᠵᠦ ᠪᠠᠶᠢᠭ᠎ᠠ ᠠᠷᠠᠳ ᠤᠨ ᠴᠠᠭᠳᠠᠭ᠎ᠠ ᠲᠠᠢ ᠠᠭᠤᠯᠵᠠᠵᠦ ᠬᠢᠯᠭᠡᠨ᠎ᠡ᠃      ᠲᠤᠳᠤᠭᠠᠳᠤ ᠶᠢ ᠬᠠᠮᠠᠭᠠᠯᠠᠬᠤ ᠠᠵᠢᠯ ᠢ ᠸᠢᠴᠠᠲ ᠲᠠᠪᠴᠠᠩ ᠲᠡᠭᠡᠷ᠎ᠡ ᠪᠤᠯᠵᠦᠨ ᠡᠷᠬᠢᠯᠡᠬᠦ ᠪᠤᠯᠤᠭᠰᠠᠨ ᠨᠢ ᠤᠯᠠᠨ ᠲᠦᠮᠡᠨ   ᠳᠤ ᠲᠦᠬᠦᠮ ᠦᠵᠡᠬᠦᠯᠵᠦ᠂ ᠴᠠᠭ ᠲᠤ ᠠᠷᠪᠢᠳᠠᠢ᠂ ᠦᠷ᠎ᠡ ᠪᠦᠳᠤᠮᠵᠢ ᠪᠠᠷ ᠦᠨᠳᠦᠷ ᠪᠤᠯᠬᠤ ᠮᠦᠷᠳᠡᠭᠡᠨ ᠠᠷᠠᠳ ᠤᠨ ᠴᠠᠭᠳᠠᠭᠠᠨ ᠤ ᠠᠵᠢᠯ ᠳᠤ ᠪᠠᠨ ᠬᠠᠷᠢᠭᠤᠴᠠᠬᠤ ᠲᠤᠬᠠᠢ ᠬᠢᠨᠠᠨ ᠰᠢᠯᠭᠠᠯᠳᠠ ᠶᠠᠪᠤᠭᠤᠯᠬᠤ ᠳᠤ  ᠪᠠᠳᠤᠳᠠᠢ ᠬᠡᠷᠡᠴᠢ ᠪᠠᠷᠢᠮᠳᠠ ᠬᠠᠩᠭᠠᠭᠰᠠᠨ ᠪᠠᠶᠢᠨ᠎ᠠ᠃ ︵ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠶᠤᠨᠴᠢᠮᠡᠭ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ