ᠦᠪᠦᠷ ᠮᠤᠩᠭᠤᠯ ᠨᠤᠲᠤᠭ ᠪᠡᠯᠴᠢᠭᠡᠷ ᠤᠢ ᠭᠠᠵᠠᠷ ᠢ ᠡᠪᠳᠡᠭᠰᠡᠨ ᠬᠠᠤᠯᠢ ᠲᠣᠭᠲᠠᠭᠠᠯ‌ᠡᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠪᠡ
ᠨᠡᠶᠢᠲᠡᠯᠡᠭᠰᠡᠨ ᠴᠠᠭ᠄
2021/4/12
                 ︽ᠨᠤᠲᠤᠭ ᠪᠡᠯᠴᠢᠭᠡᠷ᠂ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︾ ᠭᠡᠬᠦ ᠴᠢᠬᠤᠯᠠ ᠵᠣᠷᠢᠭ ᠰᠠᠨᠠᠭ᠎ᠠ ᠶᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ 2021 ᠣᠨ ᠳᠤ ᠪᠥᠬᠦ ᠣᠷᠣᠨ ᠳᠤ ᠨᠤᠲᠤᠭ ᠪᠡᠯᠴᠢᠭᠡᠷ ᠤᠢ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠨᠢᠭᠡ ᠵᠢᠯ ᠤᠨ ᠬᠤᠭᠤᠴᠠᠭ᠎ᠠ ᠲᠠᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠨᠤᠲᠤᠭ ᠪᠡᠯᠴᠢᠭᠡᠷ ᠤᠢ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠲᠣᠭᠤᠷᠢᠭ ︵ᠨᠡᠭᠡᠭᠡᠯᠲᠡ ᠶᠢᠨ ᠲᠣᠭᠤᠷᠢᠭ︶᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠡᠯ᠎ᠡ ᠲᠥᠷᠥᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯ ᠤᠨ ᠨᠤᠲᠤᠭ ᠪᠡᠯᠴᠢᠭᠡᠷ ᠤᠢ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠠᠯᠠᠲᠦ ᠠᠵᠢᠯᠯᠠᠭ᠎ᠠ︔ ᠡᠯ᠎ᠡ ᠲᠥᠷᠥᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯ ᠢ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠭᠠᠷᠳᠠᠮ ᠭᠦᠢᠴᠡᠳᠭᠡᠵᠦ᠂ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠬᠦ ᠠᠰᠠᠭᠤᠳᠠᠯ︔ ᠡᠯ᠎ᠡ ᠲᠥᠷᠥᠯ ᠤᠨ ᠪᠠᠷᠢᠯᠭ᠎ᠠ ᠶᠢᠨ ᠵᠦᠢᠯ ᠢ ᠪᠠᠭ᠎ᠠ ᠵᠦᠪᠰᠢᠶᠡᠷᠡᠵᠦ ᠶᠡᠭᠡ ᠪᠠᠷ ᠡᠵᠡᠯᠡᠬᠦ᠂ ᠵᠥᠪᠰᠢᠶᠡᠷᠡᠭᠰᠡᠨ ᠬᠡᠪᠴᠢᠶ᠎ᠡ ᠶᠣᠰᠣᠭᠠᠷ ᠨᠤᠲᠤᠭ ᠪᠡᠯᠴᠢᠭᠡᠷ ᠤᠢ ᠭᠠᠵᠠᠷ ᠢ ᠡᠵᠡᠯᠡᠨ ᠬᠡᠷᠡᠭᠯᠡᠭᠰᠡᠨ ᠥᠬᠡᠶ ᠵᠡᠷᠭᠡ ᠳᠥᠷᠪᠡᠨ ᠲᠥᠷᠥᠯ ᠤᠨ ᠠᠰᠠᠭᠤᠳᠠᠯ ᠳᠤ ᠴᠢᠩᠭ᠎ᠠ ᠴᠤᠬᠢᠯᠲᠠ ᠦᠭᠭᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠣᠣ ᠵᠢᠶᠠᠨ ᠨᠠᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠨ ᠠᠪᠴᠦ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ᠲᠤᠰᠬᠠᠶ ᠰᠤᠷᠪᠤᠯᠵᠢᠯᠠᠭ᠎ᠠ ᠶᠢᠨ ᠸᠢᠳᠢᠤ᠋ ᠄https://mp.weixin.qq.com/s/z_V6oass5YReVFRWdRPkPw
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠲᠢᠩᠬᠢᠮ