ᠬᠠᠶᠢᠨᠠᠨ ᠲᠤᠭᠤᠷᠢᠭ ᠤᠨ ᠳᠡᠳ᠋ ᠳᠠᠷᠤᠭ᠎ᠠ ᠵᠢᠶᠤᠤ ᠶᠦᠩ ᠠᠷᠢᠭᠤᠨ ᠴᠢᠬᠡᠴᠢ ᠪᠠᠷ ᠬᠡᠷ ᠪᠦᠯᠢ ᠶᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/21
         ᠬᠠᠶᠢᠨᠠᠨ ᠲᠤᠭᠤᠷᠢᠭ ᠤᠨ ᠳᠡᠳ᠋ ᠳᠠᠷᠤᠭ᠎ᠠ ᠵᠢᠶᠤᠤ ᠶᠦᠩ ᠠᠷᠢᠭᠤᠨ          ᠴᠢᠬᠡᠴᠢ ᠪᠠᠷ ᠬᠡᠷ ᠪᠦᠯᠢ ᠶᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠥᠷᠨᠢᠭᠦᠯᠪᠡ          ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠬᠤ ᠶᠢᠨ ᠲᠥᠯᠥᠭᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤ ᠲᠠᠯᠪᠢᠬᠤ ᠬᠢᠨᠠᠯᠲᠠ ᠶᠢ ᠴᠢᠩᠭᠠᠳᠬᠠᠵᠤ᠂ ᠭᠡᠷ ᠪᠦᠯᠢ ᠶᠢᠨ ᠠᠷᠢᠭᠤᠨ ᠴᠢᠬᠡᠴᠢ ᠶᠢ ᠲᠤᠰᠠᠯᠠᠬᠤ ᠦᠢᠯᠡᠳᠦᠯ ᠢ ᠪᠦᠲᠦᠮᠵᠢᠲᠡᠶ ᠪᠠᠷ ᠪᠠᠳᠠᠷᠠᠭᠤᠯᠤᠨ᠂ ᠠᠷᠠᠳ ᠤᠨ ᠴᠠᠭᠳᠠᠭ᠎ᠠ ᠶᠢᠨ ᠦᠵᠡᠯ ᠰᠠᠨᠠᠭᠠᠨ ᠤ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠴᠠᠭ ᠲᠤᠬᠠᠶ ᠳᠤᠨᠢ ᠤᠢᠢᠯᠠᠭᠠᠨ ᠡᠵᠡᠮᠰᠢᠵᠦ᠂ ︽ᠬᠥᠮᠦᠵᠢᠭᠦᠯᠦᠨ ᠴᠡᠭᠴᠡᠯᠡᠬᠦ ᠳᠤᠮᠳᠠ ᠠᠷᠢᠭᠤᠨ ᠴᠢᠬᠡᠴᠢ ᠪᠠᠷ ᠭᠡᠷ ᠪᠦᠯᠢ ᠶᠢᠨ ᠰᠤᠷᠪᠤᠯᠵᠢᠯᠠᠭ᠎ᠠ ᠬᠢᠬᠦ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠶᠠᠪᠤᠭᠤᠯᠬᠤ ᠬᠡᠷᠡᠭᠲᠡᠶ᠃ 4 ᠳ᠋ᠦ᠋ᠭᠡᠷ  ᠰᠠᠷ᠎ᠠ  ᠶᠢᠨ  12  ᠤᠨ  ᠡᠳᠦᠷ᠂ ᠠᠵᠢᠯ ᠠᠴᠠ ᠪᠠᠨ ᠪᠠᠭᠤᠬᠤ ᠴᠠᠭ ᠢ ᠠᠰᠢᠭᠯᠠᠨ᠂ ᠬᠠᠶᠢᠨᠠᠨ ᠲᠣᠭᠤᠷᠢᠭ ᠤᠨ  ᠳᠡᠳ᠋ ᠳᠠᠷᠤᠭ᠎ᠠ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠨᠠᠨ ᠲᠤᠭᠤᠷᠢᠭ ᠤᠨ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠢᠶᠤᠤ ᠶᠦᠩ ᠷᠠᠰᠡᠩ ᠵᠥᠩ ᠲᠣᠮᠢᠯᠠᠭᠰᠠᠨ ᠰᠠᠯᠪᠤᠷᠢ ᠶᠢᠨ ᠳᠠᠷᠤᠭ᠎ᠠ ᠯᠢᠦ ᠭᠦᠸᠧ ᠬᠤᠸᠠ ᠶᠢᠨ ᠬᠡᠷ ᠲᠤ ᠬᠦᠷᠴᠦ ᠰᠤᠷᠪᠤᠯᠵᠢᠯᠠᠪᠠ᠃    
     ᠯᠢᠦ ᠭᠦᠸᠧ ᠬᠤᠸᠠ ᠶᠢᠨ ᠬᠡᠷ ᠲᠤ᠂ ᠲᠣᠭᠤᠷᠢᠭ ᠤᠨ ᠳᠡᠳ᠋ ᠳᠠᠷᠤᠭ᠎ᠠ ᠵᠢᠶᠤᠤ ᠶᠦᠩ ᠲᠡᠭᠦᠨ ᠤ ᠬᠡᠷ ᠪᠦᠯᠢ ᠶᠢᠨ ᠬᠥᠮᠦᠰ ᠲᠠᠢ ︽ᠵᠣᠭᠤᠭ ᠳᠡᠯᠭᠡᠵᠦ︾᠂ ᠲᠣᠰ ᠤᠳᠠᠭᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠠ ᠰᠤᠷᠪᠤᠯᠵᠢᠯᠠᠭ᠎ᠠ ᠬᠦᠯᠢᠶᠡᠭᠰᠡᠨ ᠠᠷᠠᠳ ᠤᠨ ᠴᠠᠭᠳᠠᠭ᠎ᠠ ᠶᠢᠨ ᠨᠢᠭᠡᠴᠢ ᠳᠠᠬᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠤᠪᠢᠶᠠᠷᠢ ᠲᠣᠪᠴᠢᠶ᠎ᠠ ᠶᠢᠨ ᠬᠡᠷ ᠪᠦᠯᠢ ᠶᠢᠨ ᠰᠤᠷᠪᠤᠯᠵᠢᠯᠠᠭ᠎ᠠ ᠥᠷᠨᠢᠭᠦᠯᠬᠦ ᠠᠭᠤᠯᠭ᠎ᠠ᠂ ᠱᠠᠭᠠᠷᠳᠠᠯᠭ᠎ᠠ᠂ ᠵᠣᠷᠢᠯᠭ᠎ᠠ ᠶᠢ ᠨᠠᠷᠢᠨ ᠲᠠᠨᠢᠯᠴᠠᠭᠤᠯᠵᠤ᠂ ᠣᠷᠳᠣ ᠬᠤᠭᠤᠴᠠᠭᠠᠨ ᠤ ᠲᠤᠷᠰᠢ ᠳᠣᠲᠣᠭᠠᠳᠤ ᠶᠢ ᠬᠠᠮᠠᠭᠠᠯᠠᠬᠤ ᠠᠵᠢᠯ ᠢ ᠦᠭᠡ ᠲᠠᠭᠤᠨ ᠥᠬᠡᠶ ᠳᠡᠮᠵᠢᠭᠰᠡᠭᠡᠷ ᠢᠷᠡᠭᠰᠡᠨ ᠴᠠᠭᠳᠠᠭ᠎ᠠ ᠶᠢᠨ ᠬᠡᠷ ᠪᠦᠯᠢ ᠶᠢᠨ ᠬᠢᠨ ᠳᠤ ᠬᠦᠨᠳᠦᠳᠬᠡᠯ ᠲᠠᠯᠠᠷᠬᠠᠯ ᠳᠡᠪᠰᠢᠭᠦᠯᠪᠡ᠃ ᠲᠣᠭᠤᠷᠢᠭ ᠤᠨ ᠳᠡᠳ᠋ ᠳᠠᠷᠤᠭ᠎ᠠ ᠵᠢᠶᠤᠤ ᠶᠦᠩ ᠬᠡᠷ ᠪᠦᠯᠢ ᠶᠢᠨ ᠬᠢᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠡᠷ ᠪᠦᠯᠢ ᠶᠢᠨ ᠬᠢᠨ ᠢ ᠦᠷᠭᠦᠯᠵᠢᠯᠡᠨ ︽ᠦᠨᠡᠨᠴᠢ ᠪᠠᠷ ᠰᠠᠨᠠᠭᠤᠯᠬᠤ︾ ︽ ᠴᠢᠭᠡᠴᠢ ᠪᠠᠷ ᠲᠤᠰᠠᠯᠠᠬᠤ︾ ᠠᠵᠢᠯ ᠢ ᠰᠠᠶᠢᠲᠤᠷ ᠬᠢᠵᠦ᠂ ᠬᠡᠷ ᠪᠦᠯᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ  ᠪᠠᠶᠢᠭᠤᠯᠤᠯᠲᠠ  ᠳᠤ  ᠬᠢᠨᠠᠯᠲᠠ  ᠲᠠᠯᠪᠢᠬᠤ  ᠦᠢᠯᠡᠳᠦᠯ  ᠢᠶᠠᠨ  ᠪᠠᠳᠠᠷᠠᠭᠤᠯᠵᠤ᠂ ︽ᠢᠯᠵᠠᠷᠠᠯ ᠢ ᠰᠡᠷᠭᠡᠶᠢᠯᠡᠬᠦ ᠬᠡᠷᠡᠮ︾ ᠢ ᠬᠠᠮᠲᠤ ᠪᠠᠷ ᠴᠣᠭᠴᠠᠯᠠᠬᠤ ᠶᠢ ᠬᠦᠰᠡᠪᠡ
     ᠯᠢᠦ ᠭᠦᠸᠧ ᠬᠤᠸᠠ ᠶᠢᠨ ᠡᠬᠡᠨᠠᠷ ᠬᠡᠯᠡᠬᠦ ᠳᠤ ᠪᠠᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠵᠦᠳᠡᠷᠡᠯ ᠢ ᠣᠶᠢᠯᠠᠭᠠᠬᠤ ᠶᠢᠨ ᠬᠠᠮᠲᠤ ᠠᠷᠠᠳ ᠤᠨ ᠴᠠᠭᠳᠠᠭ᠎ᠠ ᠶᠢᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠨ᠂ ᠠᠷᠠᠳ ᠤᠨ ᠴᠠᠭᠳᠠᠭ᠎ᠠ ᠶᠢᠨ ᠨᠠᠢᠮᠠᠨ ᠴᠠᠭ ᠠᠴᠠ ᠭᠠᠳᠠᠨᠠᠬᠢ ᠬᠢᠨᠠᠯᠲᠠ ᠶᠢ ᠰᠠᠶᠢᠲᠤᠷ ᠬᠢᠵᠦ᠂ ᠠᠷᠠᠳ ᠤᠨ ᠴᠠᠭᠳᠠᠭ᠎ᠠ ᠶᠢᠨ ᠨᠠᠮ ᠤᠨ ᠰᠠᠬᠢᠯᠭ᠎ᠠ ᠪᠠᠲᠤ᠂ ᠵᠠᠰᠠᠭ ᠤᠨ ᠰᠠᠬᠢᠯᠭ᠎ᠠ ᠪᠠᠲᠤ᠂ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠶᠢ ᠦᠨᠡᠨ ᠬᠦ  ᠪᠠᠳᠤᠯᠠᠨ᠂ ᠤᠯᠠᠭᠠᠨ ᠱᠤᠭᠤᠮ ᠳᠤ ᠤᠶᠢᠷᠠᠳᠤᠬᠤ᠂ ᠬᠤᠷᠢᠭ᠎ᠠ ᠱᠤᠭᠤᠮ ᠠᠴᠠ ᠳᠠᠪᠠᠭ᠋ᠤ ᠦᠭᠡᠶ ᠪᠠᠶᠢᠬᠤ ᠬᠡᠷᠡᠭᠲᠡᠶ ᠭᠡᠵᠡᠶ᠃  ︵ᠦᠬᠠᠢ ᠬᠤᠲᠠ ᠶᠢᠨ ᠬᠠᠶᠢᠨᠠᠨ ᠲᠤᠭᠤᠷᠢᠭ ᠤᠨ ᠲᠣᠳᠤᠭᠠᠳᠣ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠯᠠᠩᠭᠤᠷᠪᠠ ᠮᠡᠳᠡᠭᠡᠯᠡᠪᠡ︶
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ