ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2021/4/21
         ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠬᠡᠰᠢᠭᠲᠡᠨ          ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠲᠡᠦᠬᠡ ᠶᠢᠨ          ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠤᠷᠪᠤᠯᠵᠢᠯᠠᠪᠠ          ᠣᠶᠢᠷ᠎ᠠ ᠳᠤ᠂ ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠶᠢᠨ ᠪᠦᠯᠬᠦᠮ ᠬᠡᠰᠢᠭᠲᠡᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠭᠠᠭᠤᠯᠭ᠎ᠠ ᠳᠤᠤᠷ᠎ᠠ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠤᠷᠪᠤᠯᠵᠢᠯᠠᠭ᠎ᠠ ᠬᠢᠵᠦ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠩ ᠯᠦᠩ ᠲᠣᠪᠴᠢᠶᠠᠨ ᠤ ᠨᠠᠮ ᠤᠨ ᠬᠤᠷᠢᠶ᠎ᠠ ᠶᠢ ᠲᠥᠯᠥᠭᠡᠯᠡᠨ ᠰᠤᠷᠪᠤᠯᠵᠢᠯᠠᠭ᠎ᠠ ᠬᠦᠯᠢᠶᠡᠪᠡ᠃      
     ᠳᠡᠳ᠋ ᠲᠣᠪᠴᠢᠶᠠᠨ ᠳᠠᠷᠤᠭ᠎ᠠ ᠸᠠᠩ ᠵᠢᠩ ᠯᠦᠩ ᠭᠤᠤᠯᠳᠠᠭᠤ ᠳᠠᠶᠢᠴᠢᠯᠠᠯᠲᠠ ᠪᠠᠶᠢᠷᠢᠯᠠᠭᠤᠯᠤᠯᠲᠠ᠂ ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠯᠭ᠎ᠠ ᠶᠢᠨ ᠦᠷ᠎ᠡ ᠪᠦᠲᠦᠮᠵᠢ᠂ ᠠᠷᠠᠳ ᠤᠨ ᠴᠠᠭᠳᠠᠭ᠎ᠠ ᠶᠢᠨ ᠦᠵᠡᠯ ᠰᠠᠨᠠᠭ᠎ᠠ ᠲᠠᠨᠢᠯᠲᠠ ᠶᠢᠨ ᠳᠡᠭᠡᠭᠰᠢᠯᠡᠯᠲᠡ ᠵᠢᠴᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠵᠡᠷᠭᠡ ᠲᠠᠯ᠎ᠠ ᠪᠠᠷ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ ᠲᠠᠨᠢᠯᠴᠠᠭᠤᠯᠪᠠ᠃ ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠨᠠᠮ ᠤᠨ ᠲᠡᠦᠬᠡ ᠰᠤᠷᠤᠯᠴᠠᠬᠤ ᠪᠢᠴᠢᠯ ᠬᠢᠴᠢᠶᠡᠯ ᠤᠨ ᠲᠠᠩᠬᠢᠮ ᠭᠠᠷᠭᠠᠭᠰᠠᠨ ᠰᠤᠷᠤᠯᠴᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠭᠰᠡᠨ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠵᠢᠯ ᠲᠠᠢ ᠤᠶᠠᠯᠳᠤᠭᠤᠯᠤᠨ ᠮᠢᠨᠦ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠥᠷᠨᠢᠭᠦᠯᠦᠭᠰᠡᠨ ᠲᠤᠬᠠᠶ ᠭᠤᠤᠯᠳᠠᠯᠭ᠎ᠠ ᠲᠠᠢ ᠰᠤᠷᠪᠤᠯᠵᠢᠯᠠᠪᠠ᠃ ᠳᠠᠷᠠᠭ᠎ᠠ ᠨᠢ᠂ ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠶᠢᠨ ᠪᠦᠯᠬᠦᠮ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠨᠢᠦ ᠵᠠᠨ ᠵᠢᠶᠦ᠋ᠨ ᠤ ᠳᠠᠭᠠᠭᠤᠯᠭ᠎ᠠ ᠪᠠᠷ ᠪᠠᠯᠭᠠᠰᠤᠨ ᠤ ᠲᠡᠭᠦᠷᠭᠡ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠲᠣᠮᠢᠯᠠᠭᠰᠠᠨ  ᠰᠠᠯᠪᠤᠷᠢ  ᠶᠢᠨ  ᠤᠳᠤᠷᠢᠳᠤᠯᠭ᠎ᠠ   ᠠᠴᠠ  ᠲᠣᠮᠢᠯᠠᠭᠰᠠᠨ  ᠰᠠᠯᠪᠤᠷᠢ  ᠶᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠠᠵᠢᠯᠯᠠᠭᠠᠨ ᠤ ᠳᠤᠮᠳᠠᠬᠢ ᠨᠡᠶᠢᠲᠡᠯᠢᠭ ᠠᠷᠭ᠎ᠠ ᠬᠢᠳᠡᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠶᠢᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠬᠥᠷᠳᠡᠪᠡ᠃      
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ︾ ᠶᠡᠷᠦᠩᠬᠡᠶ  ᠱᠠᠭᠠᠷᠳᠠᠯᠭ᠎ᠠ  ᠶᠢ  ᠪᠠᠲᠤ  ᠡᠵᠡᠮᠳᠡᠵᠦ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠥᠮᠦᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢᠨ ᠦᠵᠡᠯᠲᠡ ᠶᠢ ᠵᠥᠪ ᠪᠤᠢ ᠪᠣᠯᠭᠠᠵᠤ᠂ ᠨᠠᠮ ᠤᠨ ᠲᠡᠦᠬᠡ ᠶᠢᠨ  ᠰᠤᠷᠤᠯᠴᠠᠯᠭ᠎ᠠ  ᠬᠥᠮᠦᠵᠢᠯ  ᠤᠨ  ᠴᠢᠬᠤᠯᠠ  ᠶᠡᠭᠡ  ᠠᠴᠢ  ᠬᠤᠯᠪᠣᠭᠳᠠᠯ᠂ ᠬᠠᠷᠠᠯᠲᠠ  ᠱᠠᠭᠠᠷᠳᠠᠯᠭ᠎ᠠ᠂ ᠭᠤᠤᠯᠳᠠᠯᠭ᠎ᠠ  ᠲᠠᠢ  ᠡᠭᠦᠷᠭᠡ᠂ ᠠᠵᠢᠯ ᠤᠨ ᠲᠣᠬᠢᠷᠠᠭᠤᠯᠤᠯᠲᠠ ᠶᠢ ᠭᠦᠨᠵᠡᠭᠡᠶ ᠣᠶᠢᠯᠠᠭᠠᠵᠤ ᠣᠨᠣᠪᠴᠢᠲᠠᠶ ᠡᠵᠡᠮᠰᠢᠪᠡ᠃ ᠨᠢᠭᠡ ᠳᠤ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠣᠭᠲᠠᠭᠰᠠᠨ ᠬᠥᠳᠡᠯᠦᠯ ᠪᠠ ᠥᠪᠡᠰᠦᠪᠡᠨ ᠰᠣᠩᠭᠤᠬᠤ ᠬᠥᠳᠡᠯᠦᠯ ᠢ ᠤᠶᠠᠯᠳᠤᠭᠤᠯᠬᠤ ᠶᠢ ᠪᠠᠷᠢᠮᠲᠠᠯᠠᠨ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠪᠠ᠃ ᠥᠷᠭᠡᠨ ᠤᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠥᠨᠳᠦᠰᠦᠯᠡᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠬᠦ ᠡᠭᠦᠷᠭᠡᠯᠡᠯ᠂ ᠯᠠᠪᠳᠠᠭᠤᠨ ᠪᠦᠲᠦᠮᠵᠢᠲᠡᠢ ᠠᠷᠭ᠎ᠠ ᠬᠡᠮᠵᠢᠶ᠎ᠡ᠂ ᠡᠯᠪᠡᠭ ᠪᠠᠶᠠᠯᠢᠭ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠥᠨᠳᠦᠷ ᠪᠦᠳᠦᠮᠵᠢ ᠣᠯᠬᠤ ᠶᠢ ᠠᠬᠢᠭᠤᠯᠪᠠ᠃ ᠬᠤᠶᠠᠷ  ᠲᠤ᠂  ᠬᠤᠪᠢᠰᠬᠠᠯ  ᠤᠨ  ᠵᠣᠷᠢᠭ  ᠰᠠᠨᠠᠭ᠎ᠠ  ᠶᠢ  ᠤᠯᠠᠮᠵᠢᠯᠠᠨ  ᠵᠠᠯᠭᠠᠮᠵᠢᠯᠠᠬᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠨᠠᠮ ᠤᠨ ᠲᠡᠦᠬᠡ ᠶᠢ ᠰᠤᠷᠤᠯᠴᠠᠭᠰᠠᠨ ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ  ᠲᠠᠢ  ᠤᠶᠠᠯᠳᠤᠭᠤᠯᠵᠤ᠂ ᠠᠷᠠᠳ  ᠤᠨ  ᠵᠣᠪᠠᠭᠤᠷᠢ  ᠶᠢ  ᠠᠷᠢᠯᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠲᠥᠯᠥᠭᠡ ᠭᠡᠬᠦ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ ᠣᠳᠣᠬᠠᠨ ᠪᠣᠯᠲᠠᠯ᠎ᠠ᠂ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠭᠦᠭᠰᠡᠨ ᠪᠠ ᠪᠣᠳᠠᠲᠠᠶ ᠬᠦᠴᠢᠷᠳᠡᠯ ᠢ 56 ᠰᠢᠢᠳᠪᠦᠷᠢᠯᠡᠵᠦ ᠥᠭᠴᠡᠶ᠃ ᠭᠤᠷᠪᠠ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠭᠦᠢᠴᠡᠳᠭᠡᠬᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠠᠷᠠᠳ ᠣᠯᠠᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠨᠢ ᠠᠵᠢᠯᠯᠠᠬᠤ ᠤᠷᠮ᠎ᠠ ᠰᠡᠳᠭᠢᠯᠭᠡ ᠪᠣᠯᠤᠨ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠢ ᠥᠷᠨᠢᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠠᠶᠢᠨ ᠰᠠᠶᠢᠬᠠᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠪᠠᠷ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠠᠶᠢᠨ ᠡᠬᠢᠯᠡᠯᠲᠡ ᠪᠣᠯᠭᠠᠵᠤ᠂ ᠰᠠᠶᠢᠨ ᠭᠠᠷᠤᠭ᠎ᠠ ᠠᠪᠴᠤ᠂ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠳᠤᠶ᠎ᠠ᠃
ᠢᠷᠡᠯᠲᠡ᠄ ᠤᠯᠠᠭᠠᠨᠬᠠᠳᠠ ᠬᠤᠳᠠ ᠶᠢᠨ ᠲᠤᠳᠣᠭᠠᠳᠣ ᠶᠢ ᠬᠠᠮᠠᠭᠠᠯᠠᠬᠤ ᠲᠤᠪᠴᠢᠶ᠎ᠠ