ᠬᠠᠤᠯᠢ ᠳᠤᠭᠳᠠᠭᠠᠯ ᠠᠴᠠ ᠵᠦᠷᠢᠴᠡᠨ ᠨᠤᠲᠤᠭ ᠪᠡᠯᠴᠢᠭᠡᠷ ᠤᠢ ᠰᠢᠭᠤᠢ ᠶᠢ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ︕
ᠨᠡᠶᠢᠲᠡᠯᠡᠭᠰᠡᠨ ᠴᠠᠭ᠄
2021/4/6
             ᠬᠠᠤᠯᠢ ᠳᠤᠭᠳᠠᠭᠠᠯ ᠠᠴᠠ ᠵᠦᠷᠢᠴᠡᠨ ᠨᠤᠲᠤᠭ              ᠪᠡᠯᠴᠢᠭᠡᠷ ᠤᠢ ᠰᠢᠭᠤᠢ ᠶᠢ ᠡᠪᠳᠡᠭᠰᠡᠨ ᠦᠢᠯᠡ              ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ︕      3 ᠰᠠᠷ᠎ᠠ ᠶᠢᠨ 31 ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠲᠢᠩᠬᠢᠮ ᠠᠴᠠ ᠤᠶᠢᠯᠠᠭᠠᠭᠰᠠᠨ ᠢᠶᠠᠷ᠂ ᠶᠠᠷᠦᠩᠬᠡᠢ ᠱᠦᠵᠢ ᠰᠢ ᠶᠢᠨ ᠫᠢᠩ ᠤᠨ ︽ᠲᠠᠯ᠎ᠠ ᠨᠤᠲᠤᠭ ᠢ ᠬᠠᠮᠠᠭᠠᠯᠠᠬᠤ᠂ ᠤᠢ ᠰᠢᠭᠤᠢ ᠶᠢ ᠬᠠᠮᠠᠭᠠᠯᠠᠬᠤ ᠪᠤᠯ ᠦᠪᠦᠷ ᠮᠤᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠦᠨ︾ ᠭᠡᠬᠦ ᠴᠢᠬᠤᠯᠠ ᠴᠤᠬᠤᠯᠠᠪᠦᠷᠢ ᠶᠢᠨ ᠵᠤᠷᠢᠭ ᠰᠠᠨᠠᠭ᠎ᠠ ᠶᠢ ᠨᠡᠩ ᠰᠠᠶᠢᠳᠤᠷ ᠲᠤᠭᠤᠰᠢᠯᠠᠭᠤᠯᠤᠨ ᠨᠠᠶᠢᠲᠡᠪᠦᠷᠢᠵᠢᠭᠤᠯᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠠᠴᠠ2021 ᠤᠨ ᠳᠤ ᠪᠦᠬᠦ ᠤᠷᠤᠨ ᠳᠤ ᠨᠤᠲᠤᠭ ᠪᠡᠯᠴᠢᠭᠡᠷ ᠤᠢ ᠰᠢᠭᠤᠢ ᠶᠢ ᠡᠪᠳᠡᠭᠰᠡᠨ ᠬᠠᠤᠯᠢ ᠳᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡ ᠵᠢᠯ ᠤᠨ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠵᠤ ᠦᠷᠨᠢᠭᠦᠯᠬᠦ ᠪᠠᠷ ᠳᠤᠭᠳᠠᠪᠠ᠃      ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠦᠷᠪᠡᠨ ᠭᠤᠤᠯ ᠠᠭᠤᠯᠭ᠎ᠠ᠄     ᠨᠤᠲᠤᠭ ᠪᠡᠯᠴᠢᠭᠡᠷ ᠤᠢ ᠰᠢᠭᠤᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠲᠤᠭᠤᠷᠢᠭ︶᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠵᠡᠷᠭᠡ ᠡᠯ᠎ᠡ ᠲᠦᠷᠦᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠤᠲᠤᠭ ᠪᠡᠯᠴᠢᠭᠡᠷ ᠤᠢ ᠰᠢᠭᠤᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ  ᠂ ᠡᠯ᠎ᠡ ᠲᠦᠷᠦᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠲᠦᠷ ᠴᠠᠭ ᠡᠵᠡᠯᠡᠨ ᠬᠡᠷᠡᠭᠯᠡᠬᠦ ᠨᠡᠷ᠎ᠠ ᠪᠠᠷ ᠭᠠᠷᠳᠠᠮ ᠭᠦᠢᠴᠡᠳᠭᠡᠵᠦ᠂ ᠤᠷᠲᠦ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ ᠠᠰᠠᠭᠤᠳᠠᠯ᠂ ᠡᠯ᠎ᠡ ᠲᠦᠷᠦᠯ ᠤᠨ ᠪᠠᠷᠢᠯᠭ᠎ᠠ ᠶᠢᠨ ᠲᠦᠷᠦᠯ ᠵᠦᠢᠯ  ᠨᠢ ᠵᠦᠪᠰᠢᠶᠡᠷᠡᠯ ᠪᠦᠬᠦᠢ ᠬᠡᠪᠴᠢᠶᠡᠨ ᠠᠴᠠ ᠬᠡᠲᠦᠷᠡᠲᠡᠯ᠎ᠡ ᠡᠵᠡᠯᠡᠵᠦ᠂ ᠵᠦᠪᠰᠢᠶᠡᠷᠡᠯ ᠪᠦᠬᠦᠢ ᠬᠡᠪᠴᠢᠶ᠎ᠡ ᠶᠤᠰᠤᠭᠠᠷ ᠨᠤᠲᠤᠭ ᠪᠡᠯᠴᠢᠭᠡᠷ ᠤᠢ ᠰᠢᠭᠤᠢ ᠶᠢ ᠡᠵᠡᠯᠡᠨ ᠬᠡᠷᠡᠭᠯᠡᠭᠰᠡᠨ ᠦᠭᠡᠢ ᠠᠰᠠᠭᠤᠳᠠᠯ ᠵᠡᠷᠭᠡ ᠳᠤ ᠴᠢᠩᠭ᠎ᠠ ᠴᠤᠬᠢᠯᠲᠠ ᠦᠭᠭᠦᠨ᠎ᠡ᠃      ᠨᠤᠲᠤᠭ ᠪᠡᠯᠴᠢᠭᠡᠷ ᠤᠢ ᠰᠢᠭᠤᠢ ᠶᠢ ᠬᠠᠤᠯᠢ ᠪᠤᠰᠤ ᠪᠠᠷ ᠬᠠᠭᠠᠯᠪᠦᠷᠢᠯᠠᠭᠰᠠᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠨᠤᠲᠤᠭ ᠪᠡᠯᠴᠢᠭᠡᠷ ᠤᠢ ᠰᠢᠭᠤᠢ ᠶᠢᠨ ᠡᠬᠢ ᠪᠠᠶᠠᠯᠢᠭ ᠢ ︽ᠮᠡᠷᠡᠬᠦ︾ ᠠᠷᠭ᠎ᠠ ᠮᠠᠶ᠋ᠢᠭ ᠢᠶᠠᠷ ᠶᠡᠭᠡ ᠬᠡᠪᠴᠢᠶ᠎ᠡ ᠪᠠᠷ ᠡᠵᠡᠯᠡᠭᠰᠡᠨ ᠪᠠ ᠨᠤᠲᠤᠭ ᠪᠡᠯᠴᠢᠭᠡᠷ ᠤᠢ ᠰᠢᠭᠤᠢ ᠶᠢ ᠬᠠᠤᠯᠢ ᠪᠤᠰᠤ ᠪᠠᠷ ᠬᠠᠭᠠᠯᠪᠦᠷᠢᠯᠠᠭᠰᠠᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠤᠯᠠᠨᠲᠠ ᠴᠠᠭᠠᠵᠠᠯᠠᠭᠰᠠᠨ  ᠴᠦ  ᠵᠤᠭᠰᠤᠭᠠᠬᠤ  ᠦᠭᠡᠢ  ᠨᠤᠲᠤᠭ  ᠪᠡᠯᠴᠢᠭᠡᠷ  ᠤᠢ ᠰᠢᠭᠤᠢ ᠶᠢ ᠬᠠᠤᠯᠢ  ᠪᠤᠰᠤ  ᠪᠠᠷ  ᠡᠵᠡᠯᠡᠨ  ᠬᠡᠷᠡᠭᠯᠡᠭᠰᠡᠨ  ︽ ᠲᠤᠮᠤ ᠡᠷᠦᠭᠡ︾᠂ ︽ᠯᠠᠶᠢᠮᠤᠷᠴᠢ ᠡᠷᠦᠭᠡ︾ ᠳᠤ ᠭᠤᠤᠯᠳᠠᠯᠭ᠎ᠠ ᠲᠠᠢ ᠴᠤᠬᠢᠯᠲᠠ ᠦᠭᠭᠦᠨ᠎ᠡ᠃      ᠨᠤᠲᠤᠭ ᠪᠡᠯᠴᠢᠭᠡᠷ ᠤᠢ ᠰᠢᠭᠤᠢ ᠶᠢ ᠪᠤᠬᠢᠷᠳᠤᠭᠤᠯᠤᠭᠰᠠᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠲᠡ ᠶᠢᠨ ᠲᠤᠭᠤᠷᠢᠭ︶ ᠤᠨ ᠬᠠᠶᠠᠭᠳᠠᠮᠠᠯ ᠤᠰᠤ ᠬᠠᠶᠠᠭᠳᠠᠮᠠᠯ ᠰᠢᠭᠠᠷᠦ᠂ ᠨᠠᠷᠢᠨ ᠲᠤᠭᠤᠰᠤ᠂ ᠠᠶᠤᠯᠲᠠᠢ ᠬᠠᠶᠠᠭᠳᠠᠮᠠᠯ ᠪᠤᠳᠡᠰ ᠢ ᠬᠠᠤᠯᠢ ᠪᠤᠰᠤ ᠪᠠᠷ ᠴᠢᠳᠬᠤᠵᠤ ᠭᠠᠳᠠᠭᠰᠢᠯᠠᠭᠤᠯᠬᠤ᠂ ᠬᠠᠶᠠᠭᠳᠠᠮᠠᠯ ᠬᠠᠭᠤᠴᠢᠨ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠴᠢ ᠶᠢ ᠬᠠᠤᠯᠢ ᠪᠤᠰᠤ ᠪᠠᠷ ᠵᠠᠳᠠᠯᠵᠤ ᠬᠠᠶᠠᠭᠰᠠᠨ ᠵᠡᠷᠭᠡ ᠨᠤᠲᠤᠭ ᠪᠡᠯᠴᠢᠭᠡᠷ ᠤᠢ ᠰᠢᠭᠤᠢ ᠶᠢ ᠪᠤᠬᠢᠷᠳᠤᠭᠤᠯᠤᠭᠰᠠᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃     ᠬᠡᠷᠡᠭ ᠢ ᠬᠢᠨᠠᠨ ᠪᠠᠶᠢᠴᠠᠭᠠᠬᠤ ᠠᠵᠢᠯ ᠢ ᠰᠢᠰᠲ᠋ᠧᠮ ᠲᠠᠢ ᠦᠷᠨᠢᠭᠦᠯᠦᠨ᠎ᠡ᠃ 2010 ᠤᠨ ᠠᠴᠠ ᠨᠠᠭᠠᠰᠢᠬᠢ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠢᠳᠪᠦᠷᠢᠯᠡᠭᠰᠡᠨ ᠨᠤᠲᠤᠭ ᠪᠡᠯᠴᠢᠭᠡᠷ ᠤᠢ ᠰᠢᠭᠤᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠬᠠᠭᠠᠯᠪᠦᠷᠢᠯᠠᠭᠰᠠᠨ ᠬᠠᠤᠯᠢ ᠠᠴᠠ ᠵᠦᠷᠢᠴᠡᠭᠰᠡᠨ ᠶᠠᠯᠠᠲᠦ ᠬᠡᠷᠡᠭ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ᠵᠦᠪ  ᠪᠤᠰᠤ  ᠪᠠᠷ  ᠰᠢᠳᠭᠡᠭᠰᠡᠨ᠂ ᠬᠦᠩᠭᠡᠷᠡᠭᠦᠯᠦᠨ  ᠰᠢᠳᠭᠡᠭᠰᠡᠨ᠂ ᠲᠤᠷᠭᠠᠭᠤᠯᠢ  ᠪᠠᠷ  ᠡᠷᠡᠭᠦᠦ  ᠰᠢᠳᠭᠡᠯ  ᠢ  ᠤᠷᠤᠯᠠᠭᠤᠯᠤᠭᠰᠠᠨ᠂  ᠬᠠᠷ᠎ᠠ  ᠪᠦᠯᠦᠭᠲᠡᠨ  ᠬᠠᠷᠬᠢᠰ  ᠬᠦᠴᠦᠨ  ᠳᠤ  ᠬᠤᠯᠪᠤᠭᠳᠠᠭᠰᠠᠨ  ᠵᠢᠴᠢ  ︽ᠬᠠᠮᠠᠭᠠᠯᠠᠭᠴᠢ ᠰᠢᠭᠦᠷ︾ ᠲᠤ ᠬᠤᠯᠪᠤᠭᠳᠠᠭᠰᠠᠨ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠨ᠎ᠠ᠃      ᠲᠠᠨᠢᠯᠴᠠᠭᠤᠯᠤᠭᠰᠠᠨ ᠢᠶᠠᠷ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ ᠠᠴᠠ ᠨᠠᠭᠠᠰᠢ ᠦᠪᠡᠷᠲᠡᠭᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠲᠢᠩᠬᠢᠮ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ᠂ ᠲᠤᠰᠬᠠᠢ ᠴᠡᠭᠴᠡᠯᠡᠨ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠰᠢᠰᠲ᠋ᠧᠮ ᠲᠠᠢ ᠡᠮᠬᠢᠯᠡᠨ ᠲᠢᠭᠯᠡᠬᠦ ᠪᠠᠷ ᠳᠠᠮᠵᠢᠨ᠂ 2010 ᠤᠨ ᠠᠴᠠ ᠨᠠᠭᠠᠰᠢ ᠪᠦᠬᠦ ᠤᠷᠤᠨ ᠤ ᠤᠢ ᠰᠢᠭᠤᠢ ᠳᠤ ᠬᠤᠯᠪᠤᠭᠳᠠᠭᠰᠠᠨ ᠬᠡᠷᠡᠭ ᠢ ᠨᠡᠶᠢᠲᠡ 39458 ᠰᠢᠢᠳᠪᠦᠷᠢᠯᠡᠪᠡ᠂ ᠡᠭᠦᠨ ᠳᠤ ᠵᠠᠰᠠᠭ ᠵᠠᠬᠢᠷᠭᠠᠨ ᠤ ᠬᠡᠷᠡᠭ 32469᠂ ᠡᠷᠡᠭᠦᠦ ᠶᠢᠨ ᠬᠡᠷᠡᠭ 6989 ᠪᠤᠢ᠂ ᠨᠤᠲᠤᠭ ᠪᠡᠯᠴᠢᠭᠡᠷ ᠢ ᠡᠪᠳᠡᠭᠰᠡᠨ 1788  ᠡᠷᠡᠭᠦᠦ ᠶᠢᠨ ᠬᠡᠷᠡᠭ ᠢ ᠰᠢᠢᠳᠪᠦᠷᠢᠯᠡᠪᠡ᠃  ᠳᠡᠭᠡᠷᠡᠬᠢ ᠬᠡᠷᠡᠭ ᠤᠨ ᠳᠤᠮᠳᠠ ᠠᠴᠠ᠂ ᠨᠤᠲᠤᠭ ᠪᠡᠯᠴᠢᠭᠡᠷ ᠤᠢ ᠰᠢᠭᠤᠢ ᠶᠢ ᠡᠪᠳᠡᠭᠰᠡᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢᠨ ᠰᠦᠪᠡᠭᠴᠢ ᠶᠢ 1130 ᠭᠠᠷᠤᠢ ᠵᠤᠷᠪᠤᠰ ᠡᠮᠬᠢᠯᠡᠨ ᠭᠠᠷᠭᠠᠵᠤ᠂ ᠦᠪᠡᠷᠲᠡᠭᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠳᠤᠰᠬᠠᠢ ᠴᠡᠭᠴᠡᠯᠡᠨ ᠵᠠᠰᠠᠬᠤ ᠠᠯᠪᠠᠨ ᠭᠡᠷ ᠠᠴᠠ ᠳᠡᠭᠡᠷᠡᠬᠢ ᠤᠯᠠᠨ ᠰᠦᠪᠡᠭᠴᠢ ᠳᠤ ᠳᠠᠩᠰᠠ ᠪᠠᠶᠢᠭᠤᠯᠠᠤᠭᠰᠠᠨ ᠪᠦᠭᠡᠳ ᠡᠯ᠎ᠡ ᠠᠶᠢᠮᠠᠭ ᠬᠤᠲᠠ ᠶᠢᠨ ᠴᠡᠭᠴᠡᠯᠡᠨ ᠵᠠᠰᠠᠬᠤ ᠠᠯᠪᠠᠨ ᠭᠡᠷ ᠲᠤ ᠰᠢᠯᠵᠢᠭᠦᠯᠦᠨ ᠲᠤᠰᠢᠶᠡᠵᠦ ᠤᠯᠠᠮ ᠨᠢᠭᠡ ᠠᠯᠬᠤᠮ ᠬᠠᠷᠭᠤᠭᠤᠯᠤᠨ ᠪᠠᠶᠢᠴᠠᠭᠠᠪᠠ᠃ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 262  ᠡᠷᠡᠭᠦᠦ ᠶᠢᠨ ᠬᠡᠷᠡᠭ ᠰᠢᠢᠳᠪᠦᠷᠢᠯᠡᠵᠦ᠂ 39 ᠬᠡᠷᠡᠭ ᠢ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ ᠶᠠᠯ᠎ᠠ ᠬᠢᠭᠰᠡᠨ ᠰᠡᠵᠢᠭᠯᠡᠯᠲᠡᠢ 93  ᠬᠦᠮᠦᠨ ᠢ ᠪᠡᠷᠢᠪᠴᠢᠯᠠᠪᠠ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠤᠢ ᠰᠢᠭᠤᠢ ᠶᠢᠨ ᠲᠠᠯᠠᠪᠠᠢ ᠨᠢ 2.4 ᠲᠦᠮᠡᠨ ᠮᠦ᠂ ᠨᠤᠲᠤᠭ ᠪᠡᠯᠴᠢᠭᠡᠷ ᠤᠨ ᠲᠠᠯᠠᠪᠠᠢ ᠨᠢ15.5 ᠲᠦᠮᠡᠨ ᠮᠦ ᠲᠤᠯᠪᠠ᠃
ᠢᠷᠡᠯᠲᠡ᠄ ᠦᠪᠦᠷ ᠮᠤᠩᠭᠤᠯ ᠤᠨ ᠡᠳᠦᠷ ᠰᠤᠨᠢᠨ