ᠳᠥᠷᠪᠡᠨ ᠨᠡᠶᠢᠲᠡᠯᠢᠭ ᠬᠡᠷᠡᠭ ᠤᠨ ᠵᠢᠱᠢᠶ᠎ᠡ ᠣᠯᠠᠨ ᠡᠭᠦᠰᠳᠡᠭ ᠮᠡᠬᠡᠯᠡᠯ ᠤᠨ ᠠᠷᠭ᠎ᠠ ᠪᠠᠷᠢᠯ ᠢ ᠢᠯᠡᠴᠢᠯᠡᠪᠡ
ᠨᠡᠶᠢᠲᠡᠯᠡᠭᠰᠡᠨ ᠴᠠᠭ᠄
2021/5/12
         ᠳᠥᠷᠪᠡᠨ ᠨᠡᠶᠢᠲᠡᠯᠢᠭ ᠬᠡᠷᠡᠭ ᠤᠨ ᠵᠢᠱᠢᠶ᠎ᠡ ᠣᠯᠠᠨ          ᠡᠭᠦᠰᠳᠡᠭ ᠮᠡᠬᠡᠯᠡᠯ ᠤᠨ ᠠᠷᠭ᠎ᠠ ᠪᠠᠷᠢᠯ ᠢ ᠢᠯᠡᠴᠢᠯᠡᠪᠡ            ᠤᠢᠢᠷ᠎ᠠ ᠶᠢᠨ ᠵᠢᠯ ᠤᠳ ᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠳᠤ ᠦᠶ᠎ᠡ ᠶᠢᠨ ᠮᠡᠳᠡᠭᠡ ᠬᠤᠯᠪᠣᠭ᠎ᠠ ᠰᠦᠯᠵᠢᠶᠡᠨ ᠤ ᠮᠡᠷᠭᠡᠵᠢᠯ ᠤᠨ ᠲᠠᠪᠰᠢᠯᠳᠠ ᠶᠢ ᠲᠠᠭᠠᠯᠳᠤᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠴᠤ ᠦᠳᠲᠡᠷ ᠲᠦᠷᠭᠡᠨ ᠨᠡᠮᠡᠭᠳᠡᠵᠦ᠂ ᠬᠡᠷᠡᠭ ᠦᠷᠭᠦᠯᠵᠢᠯᠡᠨ ᠤᠯᠠᠨ ᠡᠭᠦᠰᠴᠦ᠂ ᠨᠢᠭᠡᠨᠲᠡ ᠣᠳᠣᠬᠠᠨ ᠤ ᠭᠤᠣᠯ ᠪᠣᠯᠬᠤ ᠶᠠᠯᠠᠲᠤ ᠠᠵᠢᠯᠯᠠᠭ᠎ᠠ ᠪᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠨᠥᠯᠥᠭᠡᠯᠡᠬᠦ ᠲᠤᠪᠤᠶᠢᠮ᠎ᠠ ᠠᠰᠠᠭᠤᠳᠠᠯ ᠪᠣᠯᠤᠭᠰᠠᠨ ᠪᠠᠶᠢᠨ᠎ᠠ᠃ ︽ᠰᠦᠯᠵᠢᠶᠡᠨ ᠤ ᠵᠢᠭᠡᠯᠡᠯᠭᠡ︾᠂      ︽ᠰᠦᠯᠵᠢᠶᠡᠨ ᠤ ᠵᠠᠬᠢᠶᠠᠯᠠᠭ᠎ᠠ︾᠂ ︽ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ︾᠂ ︽ᠱᠠ ᠵᠤ᠋ ᠫᠠᠨ︾ ᠵᠡᠷᠭᠡ ᠮᠡᠬᠡᠯᠡᠯ ᠤᠨ ᠠᠷᠭ᠎ᠠ ᠪᠠᠷᠢᠯ ᠨᠢ ᠲᠠᠰᠤᠷᠠᠯᠲᠠ ᠥᠬᠡᠶ ᠰᠢᠨᠡᠳᠴᠦ᠂ ᠳᠠᠯᠳᠠ ᠴᠢᠨᠠᠷ᠂ ᠲᠥᠭᠡᠷᠢᠭᠳᠡᠯ ᠤᠨ ᠴᠢᠨᠠᠷ ᠨᠢ ᠲᠠᠰᠤᠷᠠᠯᠲᠠ ᠥᠬᠡᠶ ᠴᠢᠩᠭᠠᠷᠠᠵᠤ᠂ ᠰᠡᠷᠭᠡᠶᠢᠯᠡᠬᠦᠶ᠎ᠡ ᠪᠡᠷᠬᠡ ᠪᠣᠯᠪᠠ᠃ ᠳᠤᠤᠷᠠᠬᠢ 4 ᠬᠡᠷᠡᠭ ᠤᠨ ᠵᠢᠱᠢᠶ᠎ᠡ ᠦᠷᠭᠦᠯᠵᠢ ᠬᠠᠷᠠᠭᠳᠠᠳᠠᠭ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ ᠢ ᠢᠯᠡᠴᠢᠯᠡᠪᠡ᠃      ᠮᠡᠬᠡᠯᠡᠬᠦ ᠠᠷᠭ᠎ᠠ ᠪᠠᠷᠢᠯ ᠨᠢᠭᠡ᠄ ᠰᠦᠯᠵᠢᠶ᠎ᠡ ᠪᠠᠷ ᠬᠤᠳᠠᠯᠳᠤᠨ ᠠᠪᠤᠭᠴᠢ ᠳᠤ ᠦᠢᠯᠡᠴᠢᠯᠡᠭᠡ ᠬᠠᠩᠭᠠᠬᠤ ᠪᠠᠷ        ᠣᠪᠯᠠᠬᠤ      ᠬᠡᠷᠡᠭ ᠤᠨ ᠵᠢᠱᠢᠶ᠎ᠡ᠄ ᠨᠢᠳᠤᠨᠤᠨ ᠵᠢᠯ ᠤᠨ ︽ᠬᠤᠣᠰ ᠠᠷᠪᠠᠨ ᠨᠢᠭᠡᠨ︾ ᠤ ᠤᠷᠢᠳᠴᠢᠯᠠᠨ ᠬᠤᠳᠠᠯᠳᠤᠬᠤ ᠥᠶ᠎ᠡ ᠳᠤ᠂ ᠨᠢ ᠠᠪᠤᠭᠠᠢ ᠡᠬᠡᠨᠡᠷ ᠲᠤ ᠪᠠᠨ ᠤᠷᠤᠭᠤᠯ ᠤᠨ ᠡᠩᠭᠡᠰᠭᠡ ᠬᠤᠳᠠᠯᠳᠤᠨ ᠠᠪᠴᠤ ᠥᠭᠪᠡ᠂ ᠳᠠᠷᠠᠭ᠎ᠠ ᠡᠳᠦᠷ ᠨᠢ ᠨᠢᠭᠡᠨ ᠲᠠᠪᠴᠠᠩ ᠤᠨ ︽ᠵᠣᠴᠢᠨ ᠳᠤ ᠦᠢᠯᠡᠴᠢᠯᠡᠬᠦ︾ ᠭᠡᠰᠡᠨ ᠤᠲᠠᠰᠤ ᠶᠢ ᠲᠣᠰᠬᠤ ᠳᠤ᠂ ᠲᠡᠭᠦᠨ ᠤ ᠬᠤᠳᠠᠯᠳᠤᠨ ᠠᠪᠤᠭᠰᠠᠨ ᠤᠷᠤᠭᠤᠯ ᠤᠨ ᠡᠩᠭᠡᠰᠭᠡ ᠨᠢ ᠶᠠᠰᠤ ᠴᠢᠨᠠᠷ ᠤᠨ ᠠᠰᠠᠭᠤᠳᠠᠯ ᠲᠠᠢ ᠪᠣᠯᠬᠤᠷ ᠵᠤᠭᠤᠰ ᠪᠤᠴᠠᠭᠠᠬᠤ ᠴᠢᠬᠤᠯᠠᠲᠠᠢ ᠪᠣᠯᠤᠭᠰᠠᠨ ᠭᠡᠯ᠎ᠡ᠃ ᠬᠤᠶᠠᠷ ᠲᠠᠯ᠎ᠠ ᠪᠠᠷ ᠢᠶᠠᠨ ᠤᠷᠢᠳ ᠢᠶᠠᠷ ᠪᠠᠩᠬᠢ ᠶᠢᠨ ᠺᠠᠷᠲ ᠢᠶᠠᠷ ᠵᠣᠭᠤᠰ ᠪᠤᠴᠠᠭᠠᠬᠤ ᠲᠤᠬᠠᠶ ᠵᠦᠪᠳᠡᠯᠴᠡᠵᠦ᠂ ᠨᠢ ᠠᠪᠤᠭᠠᠶ ᠪᠣᠯᠤᠨ ᠡᠬᠡᠨᠡᠷ ᠨᠢ ᠨᠥᠭᠦᠭᠡ ᠡᠲᠡᠭᠡᠳ ᠤᠨ ᠢᠶᠠᠨ ᠵᠢᠭᠠᠪᠤᠷᠢ ᠶᠣᠰᠣᠭᠠᠷ ᠬᠤᠶᠠᠷ ᠬᠡᠮᠵᠢᠯᠳᠦ ᠺᠣᠳ᠋ ᠢ ᠰᠢᠷᠪᠢᠵᠦ᠂ ᠪᠠᠩᠬᠢ ᠶᠢᠨ ᠺᠠᠷᠲ ᠲᠠᠢ ᠬᠤᠯᠪᠣᠵᠤ ᠪᠠᠶᠢᠭᠠᠳ ᠵᠣᠭᠤᠰ ᠪᠤᠴᠠᠭᠠᠬᠤ ᠶᠠᠪᠤᠳᠠᠯ ᠪᠦᠲᠦᠭᠰᠡᠨ ᠦᠭᠡᠶ᠃ ᠳᠠᠷᠠᠭ᠎ᠠ ᠨᠢ᠂ ᠨᠥᠭᠦᠭᠡ ᠡᠲᠡᠭᠡᠳ ᠨᠢ ᠲᠣᠭᠠᠴᠠᠭ᠎ᠠ ᠡᠷᠳᠡᠨᠢ ᠪᠠᠷ ᠵᠣᠭᠤᠰ ᠢᠶᠠᠨ ᠪᠤᠴᠠᠭᠠᠬᠤ ᠶᠢ ᠱᠠᠭᠠᠷᠳᠠᠵᠤ᠂ ᠲᠡᠭᠦᠨ ᠤ ᠵᠢᠭᠠᠪᠤᠷᠢ ᠶᠣᠰᠣᠭᠠᠷ ᠬᠢᠭᠰᠡᠨ ᠳᠤ᠂ ᠨᠢ ᠠᠪᠤᠭᠠᠶ ᠮᠠᠰᠢ ᠲᠦᠷᠭᠡᠨ ᠢᠶᠠᠷ ︽ᠰᠦᠯᠵᠢᠶᠡᠨ ᠤ ᠬᠤᠳᠠᠯᠳᠤᠭᠠᠨ ᠤ ᠵᠢᠭᠡᠯᠡᠯᠭᠡ︾ ᠳᠤ ᠣᠷᠣᠵᠤ᠂ 3 ᠤᠳᠠᠭᠠᠨ ᠤ ᠵᠢᠭᠡᠯᠡᠯᠭᠡ 4 ᠲᠦᠮᠡ ᠭᠠᠷᠤᠶ ᠲᠥᠭᠦᠷᠢᠭ ᠬᠦᠷᠴᠦ᠂ ᠴᠥᠮ ᠨᠢ ᠠᠪᠤᠭᠠᠶ ᠶᠢᠨ ᠲᠣᠭᠠᠴᠠᠭ᠎ᠠ ᠡᠷᠳᠡᠨᠢ ᠲᠠᠢ ᠬᠤᠯᠪᠣᠭᠰᠠᠨ ᠪᠠᠩᠬᠢ ᠶᠢᠨ ᠺᠠᠷᠲ ᠲᠤ ᠣᠷᠣᠪᠠ᠃ ᠨᠢ ᠠᠪᠤᠭᠠᠢ ᠥᠴᠦᠬᠡᠨ ᠴᠤ ᠰᠠᠨᠠᠭᠠᠨ ᠳᠤ ᠪᠠᠨ ᠠᠪᠤᠭᠰᠠᠨ ᠦᠭᠡᠢ᠂ ᠡᠮᠬᠢ ᠵᠠᠮᠪᠠᠷᠠᠭ᠎ᠠ ᠦᠭᠡᠢ ᠦᠶ᠎ᠡ ᠳᠤ ᠨᠥᠭᠦᠭᠡ ᠡᠲᠡᠭᠡᠳ ᠲᠤ ᠪᠠᠨ ᠥᠪᠡᠷ ᠤᠨ ᠭᠠᠷ ᠤᠲᠠᠰᠤ ᠶᠢᠨ ᠰᠠᠶ᠋ᠢᠬᠠᠨ ᠣᠯᠤᠭᠰᠠᠨ ᠰᠢᠯᠭᠠᠨ ᠪᠠᠲᠤᠯᠠᠬᠤ ᠺᠣᠳ᠋ ᠢᠶᠠᠨ ᠬᠡᠯᠡᠵᠦ ᠥᠭᠪᠡ᠃ ᠳᠡᠮᠡᠶ ᠤᠳᠠᠭᠰᠠᠨ ᠦᠭᠡᠶ᠂ ᠨᠢ ᠠᠪᠤᠭᠠᠶ ᠶᠢᠨ ᠲᠣᠭᠠᠴᠠᠭ᠎ᠠ ᠬᠢᠬᠦ ᠡᠷᠳᠡᠨᠢ ᠨᠢ ᠪᠤᠴᠠᠭᠰᠠᠨ ᠳᠤ᠂ ᠳᠠᠭᠢᠵᠤ ᠪᠦᠷᠢᠳᠬᠡᠭᠦᠯᠦᠭᠡᠳ 4 ᠲᠦᠮᠡ ᠭᠠᠷᠤᠶ ᠲᠥᠭᠦᠷᠢᠭ ᠰᠢᠯᠵᠢᠭᠦᠯᠦᠭᠰᠡᠨ ᠲᠡᠮᠳᠡᠭᠯᠡᠯ ᠪᠠᠶᠢᠬᠤ ᠶᠢ ᠣᠯᠵᠤ ᠮᠡᠳᠡᠪᠡ᠃ ᠢᠩᠭᠢᠭᠡᠳ ᠨᠥᠭᠦᠭᠡ ᠡᠲᠡᠭᠡᠳ ᠨᠢ ᠥᠪᠡᠷ ᠤᠨ ᠰᠢᠯᠭᠠᠨ ᠪᠠᠲᠤᠯᠠᠬᠤ ᠺᠣᠳ᠋ ᠢᠶᠠᠷ ᠢᠶᠠᠨ ᠲᠣᠭᠠᠴᠠᠭ᠎ᠠ ᠬᠢᠬᠦ ᠡᠷᠳᠡᠨᠢ ᠳᠤ ᠳᠠᠩᠰᠠ ᠰᠢᠯᠵᠢᠭᠦᠯᠵᠦ ᠪᠠᠶᠢᠬᠤ ᠶᠢ ᠣᠯᠵᠤ ᠮᠡᠳᠡᠭᠡᠳ᠂ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠪᠠ᠃      ᠠᠷᠭ᠎ᠠ ᠪᠠᠷᠢᠯ᠄ ᠶᠠᠯ᠎ᠠ ᠬᠢᠭᠰᠡᠨ ᠰᠡᠵᠢᠭᠳᠡᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠲᠠᠪᠴᠠᠩ ᠤᠨ ᠵᠣᠴᠢᠨ ᠳᠤ ᠦᠢᠯᠡᠴᠢᠯᠡᠬᠦ ᠭᠡᠳᠡᠭ ᠢᠶᠠᠷ᠂ ᠬᠤᠬᠢᠷᠠᠯ ᠠᠮᠰᠠᠭᠴᠢ ᠳᠤ ᠬᠤᠳᠠᠯᠳᠤᠨ ᠠᠪᠤᠭᠰᠠᠨ ᠦᠢᠯᠡᠳᠭᠦᠨ ᠨᠢ ᠶᠠᠰᠤ ᠴᠢᠨᠠᠷ ᠤᠨ ᠠᠰᠠᠭᠤᠳᠠᠯ ᠲᠠᠢ ᠪᠠᠶᠢᠬᠤ ᠶᠢ ᠮᠡᠳᠡᠭᠳᠡᠵᠦ᠂ ︽ᠰᠠᠶᠢᠨ ᠰᠠᠨᠠᠭ᠎ᠠ︾ ᠪᠠᠷ ᠲᠡᠭᠦᠨ ᠳᠤ ᠪᠠᠷᠠᠭᠠᠨ ᠤ ᠵᠣᠭᠤᠰ ᠪᠤᠴᠠᠭᠠᠬᠤ ᠭᠠᠷ ᠭᠦᠢᠴᠡᠳᠭᠡᠯ ᠬᠢᠵᠦ ᠥᠭᠬᠦ ᠭᠡᠳᠡᠭ ᠰᠢᠯᠲᠠᠭ ᠢᠶᠠᠷ ᠬᠤᠬᠢᠷᠠᠯ ᠠᠮᠰᠠᠭᠴᠢ ᠴᠥᠷᠬᠡᠯᠡᠭᠡ ᠶᠢ ᠲᠣᠪᠴᠢᠳᠠᠬᠤ ᠪᠤᠶᠤ ᠬᠤᠶᠠᠷ ᠬᠡᠮᠵᠢᠯᠳᠦ ᠺᠣᠳ᠋ ᠰᠢᠷᠪᠢᠵᠦ ᠥᠶ᠎ᠡ ᠳᠤ᠂ ᠠᠷᠤ ᠲᠠᠪᠴᠠᠩ ᠳᠡᠭᠡᠷ᠎ᠡ ᠨᠢ ᠵᠣᠭᠤᠰ ᠤᠨ ᠲᠤᠭ᠎ᠠ ᠶᠢ ᠬᠤᠯᠠᠭᠠᠶᠢᠯᠠᠨ ᠰᠢᠷᠪᠢᠨ᠎ᠡ᠃      ᠮᠡᠬᠡᠯᠡᠯ ᠢ ᠰᠡᠷᠭᠡᠶᠢᠯᠡᠬᠦ ᠵᠦᠭᠯᠡᠭᠦᠷ᠄ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠵᠠᠬᠢᠶᠠᠯᠠᠭ᠎ᠠ ᠬᠡᠪ ᠤᠨ ᠪᠤᠰᠤ ᠪᠠᠶᠢᠬᠤ ᠤᠲᠠᠰᠤ ᠶᠢ ᠳᠤᠰᠤᠭᠰᠠᠨ ᠪᠥᠭᠡᠳ ᠲᠠᠪᠴᠠᠩ ᠤᠨ ᠭᠠᠳᠠᠨ᠎ᠠ ᠵᠣᠭᠤᠰ ᠪᠤᠴᠠᠭᠠᠬᠤ ᠪᠠ ᠪᠠᠷᠠᠭ᠎ᠠ ᠪᠤᠴᠠᠭᠠᠬᠤ ᠶᠢ ᠱᠠᠭᠠᠷᠳᠠᠭᠰᠠᠨ ᠨᠢ ᠴᠥᠮ ᠮᠡᠬᠡᠯᠡᠯ ᠮᠥᠨ︕ ᠰᠠᠨᠠᠭᠠᠴᠢᠯᠠᠭ᠎ᠠ ᠠᠴᠠ ᠪᠠᠨ ᠵᠣᠭᠤᠰ ᠪᠤᠴᠠᠭᠠᠬᠤ ᠤᠲᠠᠰᠤ ᠶᠢ ᠳᠤᠰᠤᠭᠰᠠᠨ ᠥᠶ᠎ᠡ ᠳᠤ᠂ ᠶᠠᠭᠠᠬᠢᠭᠰᠠᠨ ᠴᠤ ᠠᠮᠠᠷᠬᠠᠨ ᠢᠲᠡᠭᠡᠵᠦ ᠪᠣᠯᠬᠤ ᠥᠬᠡᠶ᠃ ᠠᠯᠪᠠᠨ ᠤ ᠲᠠᠯ᠎ᠠ ᠶᠢᠨ ᠲᠠᠪᠴᠠᠩ ᠤᠨ ᠬᠤᠳᠠᠯᠳᠤᠭᠴᠢ ᠲᠠᠢ ᠬᠠᠷᠭᠤᠭᠤᠯᠵᠤ᠂ ᠨᠤᠲᠠᠯᠠᠭᠰᠠᠨ ᠤ ᠳᠠᠷᠠᠭ᠎ᠠ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠵᠣᠭᠤᠰ ᠪᠤᠴᠠᠭᠠᠬᠤ ᠬᠡᠷᠡᠭᠲᠡᠶ᠃ ᠨᠡᠪᠲᠡᠷᠡᠯᠴᠡᠬᠦ ᠳᠤᠮᠳᠠ᠂ QQ ᠪᠤᠶᠤ ᠸᠢᠴᠠᠲ ᠨᠡᠮᠡᠬᠦ᠂ ᠴᠥᠷᠬᠡᠯᠡᠭᠡ ᠶᠠᠪᠤᠭᠤᠯᠬᠤ᠂ ᠦᠨᠡᠨ ᠨᠡᠷ᠎ᠡ ᠪᠠᠷ ᠰᠢᠯᠭᠠᠨ ᠪᠠᠲᠤᠯᠠᠬᠤ᠂ ᠰᠢᠯᠭᠠᠨ ᠪᠠᠲᠤᠯᠠᠬᠤ ᠺᠣᠳ᠋ ᠶᠠᠪᠤᠭᠤᠯᠬᠤ ᠲᠠᠩᠰᠠ ᠰᠢᠯᠵᠢᠭᠦᠯᠬᠦ ᠵᠡᠷᠭᠡ ᠲᠣᠬᠢᠶᠠᠯᠳᠤᠪᠠᠯ᠂ ᠶᠡᠷᠦ ᠨᠢ ᠴᠥᠮ ᠮᠡᠬᠡᠯᠡᠯ ᠪᠠᠶᠢᠳᠠᠭ᠃      ᠮᠡᠬᠡᠯᠡᠯ ᠤᠨ ᠠᠷᠭ᠎ᠠ ᠪᠠᠷᠢᠯ ᠬᠤᠶᠠᠷ᠄ ᠰᠦᠯᠵᠢᠶᠡᠨ ᠤ ᠵᠠᠬᠢᠶᠠᠯᠠᠭ᠎ᠠ ᠪᠠᠷ ᠮᠡᠬᠡᠯᠡᠯ ᠬᠢᠬᠦ      ᠬᠡᠷᠡᠭ ᠤᠨ ᠵᠢᠱᠢᠶ᠎ᠡ᠄ ᠹᠠᠨ ᠣᠪᠣᠭᠲᠤ ᠰᠦᠯᠵᠢᠶᠡᠨ ᠳᠡᠭᠡᠷ᠎ᠡ ᠠᠴᠠ ᠲᠤᠰᠢᠶᠠᠯ ᠬᠠᠪᠰᠤᠷᠭᠠᠵᠤ ᠳᠠᠩᠰᠠ ᠲᠠᠶᠢᠯᠬᠤ ᠪᠠ ᠠᠵᠢᠯᠲᠠᠨ ᠡᠯᠰᠡᠬᠦ ᠮᠡᠳᠡᠭᠡ ᠵᠠᠩᠭᠢ ᠶᠢ ᠣᠯᠵᠤ ᠦᠵᠡᠭᠡᠳ᠂ ᠨᠥᠭᠦᠭᠡ ᠡᠲᠡᠭᠡᠳ ᠢᠶᠠᠨ ᠰᠠᠶᠢᠨ ᠨᠠᠶᠢᠵᠠ ᠪᠠᠷ ᠨᠡᠮᠡᠵᠦ᠂ ᠳᠠᠷᠠᠭ᠎ᠠ ᠨᠢ ᠨᠥᠭᠦᠭᠡ ᠡᠲᠡᠭᠡᠳ ᠤᠨ ᠢᠶᠠᠨ ᠵᠢᠯᠣᠭᠤᠳᠣᠯᠭ᠎ᠠ ᠪᠠᠷ ᠨᠢᠭᠡ ᠤᠳᠠᠭᠠᠨ ᠤ ᠳᠠᠩᠰᠠ ᠲᠠᠶᠢᠯᠬᠤ ᠠᠵᠢᠯ ᠢ ᠪᠡᠶᠡᠯᠡᠭᠦᠯᠵᠦ᠂ 8% ᠶᠢᠨ ᠬᠥᠯᠥᠰᠥᠨ ᠮᠥᠩᠭᠦ ᠣᠯᠵᠠᠶ᠃ ᠹᠠᠨ ᠣᠪᠣᠭᠲᠤ ᠤᠷᠢᠳ ᠬᠤᠵᠢᠳ 3 ᠤᠳᠠᠭ᠎ᠠ ᠲᠣᠭᠠᠴᠠᠭ᠎ᠠ ᠬᠢᠵᠦ᠂ ᠨᠥᠭᠦᠭᠡ ᠡᠲᠡᠭᠡᠳ ᠤᠨ ᠢᠶᠠᠨ ᠪᠤᠴᠠᠭᠠᠭᠰᠠᠨ ᠡᠬᠡ ᠮᠥᠩᠭᠦ ᠪᠠ ᠦᠨ᠎ᠡ ᠵᠠᠰᠠᠬᠤ ᠵᠣᠭᠤᠰ ᠢ ᠴᠥᠮ ᠣᠯᠪᠠ᠂ ᠭᠡᠪᠡᠴᠦ ᠳᠥᠷᠪᠡᠳᠦᠭᠡᠷ ᠤᠳᠠᠭ᠎ᠠ ᠲᠣᠭᠠᠴᠠᠭ᠎ᠠ ᠬᠢᠭᠰᠡᠨ ᠤ ᠳᠠᠷᠠᠭ᠎ᠠ᠂ ᠨᠥᠭᠦᠭᠡ ᠡᠲᠡᠭᠡᠳ ᠨᠢ ᠬᠡᠪ ᠤᠨ ᠪᠤᠰᠤ ᠪᠠᠶᠢᠳᠠᠯ ᠲᠠᠢ ᠪᠣᠯᠵᠤ᠂ ᠡᠬᠡ ᠮᠥᠩᠭᠦ ᠪᠠ ᠦᠨ᠎ᠡ ᠵᠠᠰᠠᠬᠤ ᠮᠥᠩᠭᠦ ᠶᠢ ᠲᠡᠷᠡ ᠳᠠᠷᠤᠶ ᠳᠤᠨᠢ ᠪᠤᠴᠠᠭᠠᠭᠰᠠᠨ ᠦᠭᠡᠶ᠂ ᠡᠯ᠎ᠡ ᠵᠦᠢᠯ ᠤᠨ ᠰᠢᠯᠲᠠᠭ ᠢᠶᠠᠷ ᠡᠬᠡ ᠮᠥᠩᠭᠦ ᠶᠢ ᠦᠯᠡᠳᠡᠭᠡᠨ ᠠᠪᠴᠤ᠂ ᠹᠠᠨ ᠣᠪᠣᠭᠲᠤ ᠶᠢ ᠦᠷᠭᠦᠯᠵᠢᠯᠡᠨ ᠲᠣᠭᠠᠴᠠᠭ᠎ᠠ ᠬᠢᠬᠦ ᠬᠡᠷᠡᠭᠲᠡᠶ ᠭᠡᠵᠦ ᠱᠠᠭᠠᠷᠳᠠᠵᠠᠶ᠃ ᠹᠠᠨ ᠣᠪᠣᠭᠲᠤ ᠠᠬᠢᠨ ᠳᠠᠬᠢᠨ ᠡᠬᠡ ᠮᠥᠩᠭᠦ ᠠᠪᠬᠤ ᠭᠡᠳ ᠦᠷ᠎ᠡ ᠳ᠋ᠦᠩ ᠭᠠᠷᠤᠭᠰᠠᠨ ᠦᠭᠡᠶ ᠪᠣᠯᠬᠤᠷ ᠰᠠᠶ᠋ᠢ ᠮᠡᠬᠡᠯᠡᠭᠳᠡᠭᠰᠡᠨ ᠢᠶᠠᠨ ᠮᠡᠳᠡᠵᠡᠶ      ᠠᠷᠭ᠎ᠠ ᠪᠠᠷᠢᠯ᠄ ᠶᠠᠯ᠎ᠠ ᠬᠢᠭᠰᠡᠨ ᠰᠡᠵᠢᠭᠳᠡᠨ ᠰᠦᠯᠵᠢᠶᠡᠨ ᠳᠡᠭᠡᠷ᠎ᠡ ᠪᠤᠶᠤ ᠣᠬᠤᠷ ᠮᠡᠳᠡᠭᠡ ᠪᠠᠷ ᠲᠤᠰᠢᠶᠠᠯ ᠬᠠᠪᠰᠤᠷᠭᠠᠵᠤ ᠵᠠᠬᠢᠶᠠᠯᠠᠭ᠎ᠠ ᠪᠠᠷ ᠠᠵᠢᠯᠲᠠᠨ ᠡᠯᠰᠡᠬᠦ ᠮᠡᠳᠡᠭᠡ ᠵᠠᠩᠭᠢ ᠶᠠᠪᠤᠭᠤᠯᠵᠤ᠂ ᠬᠡᠲᠦ ᠥᠨᠳᠥᠷ ᠬᠠᠷᠠᠭᠠᠯᠵᠠᠯ ᠢᠶᠠᠷ ᠬᠥᠮᠦᠨ ᠢ ᠤᠷᠠᠬᠠᠨ ᠳᠤ ᠣᠷᠣᠭᠤᠯᠤᠨ᠎ᠠ᠃ ᠡᠬᠢᠨ ᠤ ᠬᠤᠭᠤᠴᠠᠭᠠᠨ ᠳᠤ᠂ ᠲᠠᠳᠠ ᠬᠤᠬᠢᠷᠠᠯ ᠠᠮᠰᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠡᠲᠦ ᠤᠳᠠᠭ᠎ᠠ ᠲᠣᠭᠠᠴᠠᠭ᠎ᠠ ᠬᠢᠯᠭᠡᠬᠦ ᠶᠢᠨ ᠬᠠᠮᠲᠤ ᠬᠡᠰᠡᠭ ᠦᠨ᠎ᠡ ᠵᠠᠰᠠᠬᠤ ᠵᠣᠭᠤᠰ ᠢ ᠨᠢ ᠪᠤᠴᠠᠭᠠᠨ ᠥᠭᠴᠦ᠂ ᠬᠤᠬᠢᠷᠠᠯ  ᠠᠮᠰᠠᠭᠴᠢ  ᠰᠡᠵᠢᠭᠯᠡᠯ  ᠦᠭᠡᠢ  ᠪᠣᠯᠤᠭᠰᠠᠨ  ᠤ  ᠳᠠᠷᠠᠭ᠎ᠠ᠂ ᠳᠠᠬᠢᠨ ᠵᠠᠬᠢᠶᠠᠯᠠᠭ᠎ᠠ ᠬᠢᠯᠭᠡᠵᠦ ᠵᠣᠭᠤᠰ ᠪᠤᠴᠠᠭᠠᠬᠤ ᠪᠠᠷ ᠰᠢᠯᠲᠠᠭ ᠪᠣᠯᠭᠠᠵᠤ᠂ ᠨᠠᠩ ᠣᠯᠠᠨ ᠲᠣᠭᠠᠴᠠᠭ᠎ᠠ ᠬᠢᠭᠰᠡᠨ ᠤ ᠳᠠᠷᠠᠭ᠎ᠠ ᠡᠬᠡ ᠮᠥᠩᠭᠦ ᠶᠢ ᠨᠢ ᠦᠯᠡᠳᠡᠭᠡᠨ ᠠᠪᠴᠤ᠂ ᠬᠠᠮᠤᠭ ᠰᠡᠭᠦᠯ ᠳᠤᠨᠢ ᠬᠠᠷ᠎ᠠ ᠳᠠᠩᠰᠠᠨ ᠳᠤ ᠣᠷᠤᠭᠤᠯᠵᠤ ᠠᠯᠠᠭ᠎ᠠ ᠪᠣᠯᠴᠢᠬᠠᠳᠠᠭ᠃      ᠮᠡᠬᠡᠯᠡᠯ ᠢ ᠰᠡᠷᠭᠡᠶᠢᠯᠡᠬᠦ ᠵᠦᠭᠯᠡᠭᠦᠷ᠄ ᠰᠦᠯᠵᠢᠶᠡᠨ ᠳᠡᠭᠡᠷᠡᠬᠢ ᠬᠠᠤᠯᠢ ᠪᠤᠰᠤ ᠵᠠᠬᠢᠶᠠᠯᠠᠭ᠎ᠠ ᠪᠣᠯ ᠳᠠᠷᠤᠶ ᠨᠢᠭᠡ ᠵᠦᠢᠯ ᠤᠨ ᠬᠡᠷᠡᠭᠯᠡᠭᠴᠢᠳ ᠢ ᠮᠡᠬᠡᠯᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠮᠥᠨ᠂ ᠶᠠᠮᠠᠷᠪᠠ ᠤᠷᠢᠳᠴᠢᠯᠠᠨ ᠵᠣᠭᠤᠰ ᠳᠥᠯᠥᠭᠦᠯᠬᠦ ᠪᠠᠷ ᠱᠠᠭᠠᠷᠳᠠᠭᠰᠠᠨ ᠰᠦᠯᠵᠢᠶᠡᠨ ᠳᠡᠭᠡᠷᠡᠬᠢ ᠵᠠᠬᠢᠶᠠᠯᠠᠭ᠎ᠠ ᠲᠣᠭᠠᠴᠠᠭ᠎ᠠ ᠪᠣᠯ ᠴᠥᠮ ᠮᠡᠬᠡᠯᠡᠯ ᠮᠥᠨ︕ ᠡᠶᠢᠮᠦᠷᠬᠦᠦ ᠰᠦᠯᠵᠢᠶᠡᠨ ᠤ ᠲᠤᠰᠢᠶᠠᠯ ᠬᠠᠪᠰᠤᠷᠭᠠᠬᠤ ᠵᠠᠷ ᠮᠡᠳᠡᠭᠡ ᠶᠢ ᠤᠯᠬᠤ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ︽ᠬᠡᠷ ᠠᠴᠠ ᠪᠠᠨ ᠰᠠᠬᠢᠵᠤ ᠠᠯᠲᠠ ᠪᠠᠷ ᠴᠢᠮᠡᠭᠯᠡᠬᠦ︾᠂ ︽ ᠬᠦᠯᠦᠰᠦ ᠤᠷᠤᠰᠬᠠᠬᠤ ᠦᠭᠡᠢ ᠬᠦᠮᠦᠷᠭᠡ ᠳᠦᠭᠦᠷᠡᠩ ᠣᠯᠵᠠᠯᠠᠬᠤ︾ ᠵᠡᠷᠭᠡ ᠲᠤᠰᠢᠶᠠᠯ ᠬᠠᠪᠰᠤᠷᠭᠠᠬᠤ ᠵᠠᠷ ᠤᠨ ᠮᠡᠳᠡᠭᠡ ᠵᠠᠩᠭᠢ ᠶᠢ ᠪᠢᠲᠡᠭᠡᠶ ᠢᠲᠡᠭᠡᠭᠡᠷᠡᠶ᠃     ᠮᠡᠬᠡᠯᠡᠯ ᠠᠷᠭ᠎ᠠ ᠪᠠᠷᠢᠯ ᠭᠤᠷᠪᠠ᠄ ᠵᠢᠭᠡᠯᠡᠯᠭᠡ ᠶᠢᠨ ᠮᠡᠬᠡᠯᠡᠯ      ᠬᠡᠷᠡᠭ ᠤᠨ ᠵᠢᠱᠢᠶ᠎ᠡ᠄ ᠯᠢᠦ ᠣᠪᠣᠭᠲᠤ ᠨᠢᠭᠡ ᠲᠠᠨᠢᠯ ᠪᠤᠰᠤ ᠬᠥᠮᠦᠨ ᠢ ᠰᠠᠶᠢᠨ ᠨᠠᠶᠢᠵᠠ ᠪᠠᠷ ᠨᠡᠮᠡᠵᠦ᠂ ᠨᠥᠭᠦᠭᠡ ᠡᠲᠡᠭᠡᠳ ᠨᠢ ᠯᠢᠦ ᠣᠪᠣᠭᠲᠤ ᠳᠤ 10 ᠲᠦᠮᠡ ᠠᠴᠠ 50 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ ᠪᠣᠯᠤᠨ᠎ᠠ ᠭᠡᠬᠦ ᠳᠤ᠂ ᠯᠢᠦ ᠣᠪᠣᠭᠲᠤ 10 ᠲᠦᠮᠡᠨ ᠲᠥᠭᠦᠷᠢᠭ ᠤᠨ ᠵᠢᠭᠡᠯᠡᠯᠭᠡ ᠠᠪᠬᠤ ᠶᠢ ᠰᠣᠩᠭᠤᠪᠠ᠃ ᠨᠥᠭᠦᠭᠡ ᠡᠲᠡᠭᠡᠳ ᠨᠢ ᠤᠷᠢᠳ ᠢᠶᠠᠷ 3000 ᠲᠥᠭᠦᠷᠢᠭ ᠤᠨ ᠭᠠᠷ ᠭᠦᠢᠴᠡᠳᠬᠡᠯ ᠤᠨ ᠰᠦᠢᠳᠬᠡᠯ ᠲᠤᠰᠢᠶᠠᠪᠠᠯ 10 ᠲᠦᠮᠡᠨ ᠲᠥᠭᠦᠷᠢᠭ ᠤᠨ 24 ᠬᠤᠭᠤᠴᠠᠭᠠᠨ ᠤ ᠬᠦᠦ ᠮᠥᠩᠭᠦ ᠠᠴᠠ ᠬᠡᠯᠲᠦᠷᠢᠭᠦᠯᠬᠦ ᠵᠢᠭᠡᠯᠡᠯᠭᠡ ᠠᠪᠴᠤ ᠪᠣᠯᠤᠨ᠎ᠠ ᠭᠡᠪᠡ᠃ ᠯᠢᠦ ᠣᠪᠣᠭᠲᠤ ᠸᠢᠴᠠᠲ ᠢᠶᠠᠷ 3000 ᠲᠥᠭᠦᠷᠢᠭ ᠰᠢᠯᠵᠢᠭᠦᠯᠦᠨ ᠥᠭᠪᠡ᠃ ᠭᠡᠪᠡᠴᠦ ᠨᠦᠭᠦᠭᠡ ᠡᠲᠡᠭᠡᠳ ᠨᠢ ᠶᠡᠷᠦ ᠠᠴᠠ ᠵᠣᠭᠤᠰ ᠲᠠᠯᠪᠢᠬᠤ ᠦᠭᠡᠢ᠂ ᠪᠠᠰᠠ ᠦᠷᠭᠦᠯᠵᠢᠯᠡᠨ ᠯᠢᠦ ᠣᠪᠣᠭᠲᠤ ᠶᠢ ᠺᠠᠷᠲ ᠦᠢᠯᠡᠳᠬᠦ ᠰᠦᠢᠳᠬᠡᠯ᠂ ᠢᠲᠡᠭᠡᠮᠵᠢ ᠶᠢᠨ ᠮᠥᠩᠭᠦ ᠵᠡᠷᠭᠡ ᠰᠦᠢᠳᠬᠡᠯ ᠲᠤᠰᠢᠶᠠᠯᠭᠠᠬᠤ ᠪᠠᠷ ᠱᠠᠭᠠᠷᠳᠠᠭᠰᠠᠨ ᠳᠤ ᠯᠢᠦ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠮᠡᠳᠡᠵᠡᠢ᠃      ᠠᠷᠭ᠎ᠠ ᠪᠠᠷᠢᠯ᠄ ᠶᠠᠯ᠎ᠠ ᠬᠢᠭᠰᠡᠨ ᠰᠡᠵᠢᠭᠳᠡᠨ ︽ᠵᠢᠭᠡᠯᠡᠯᠭᠡ ᠪᠠᠨ ᠲᠦᠷᠭᠡᠨ ᠲᠠᠯᠪᠢᠬᠤ︾ ᠪᠠᠷ ᠠᠮᠠᠯᠠᠵᠤ᠂ ᠵᠢᠭᠡᠯᠡᠯᠭᠡ ᠭᠤᠶᠤᠴᠢᠯᠠᠭᠴᠢ ᠳᠤ ᠨᠥᠬᠦᠴᠡᠯ ᠢ ᠠᠭᠤᠵᠢᠭᠤ  ᠲᠠᠯᠪᠢᠵᠤ ᠥᠭᠬᠦ᠂ ᠵᠢᠭᠡᠯᠡᠯᠭᠡ ᠲᠠᠯᠪᠢᠬᠤ ᠠᠴᠠ ᠡᠮᠦᠨᠡᠬᠢ ᠮᠠᠲ᠋ᠧᠷᠢᠶᠠᠯ ᠤᠨ ᠵᠠᠷᠤᠳᠠᠯ᠂ ᠪᠠᠲᠤᠯᠠᠭ᠎ᠠ ᠶᠢᠨ ᠮᠥᠩᠭᠦ᠂ ᠴᠣᠪᠤᠷᠠᠯ ᠳᠣᠭᠠᠴᠠᠭ᠎ᠠ ᠵᠠᠬᠢᠶᠠᠯᠠᠭ᠎ᠠ ᠶᠢᠨ ᠵᠠᠷᠤᠳᠠᠯ᠂ ᠴᠡᠪᠳᠡᠭᠰᠢᠭᠦᠯᠦᠯ ᠢ ᠲᠠᠶᠢᠯᠬᠤ ᠵᠠᠷᠤᠳᠠᠯ᠂ ᠵᠢᠭᠡᠯᠡᠯᠭᠡ ᠪᠤᠴᠠᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠵᠡᠷᠭᠡ ᠡᠯ᠎ᠡ ᠵᠦᠢᠯ ᠤᠨ ᠰᠢᠯᠲᠠᠭᠠᠨ ᠢᠶᠠᠷ ᠰᠦᠢᠳᠬᠡᠯ ᠬᠤᠷᠢᠶᠠᠵᠤ᠂ ᠭᠡᠲᠡᠯ᠎ᠡ ︽ᠵᠢᠭᠡᠯᠡᠯᠭᠡ︾ ᠨᠢ ᠬᠠᠷᠢᠨ ᠳᠠᠩᠰᠠᠨ ᠳᠤ ᠣᠷᠣᠵᠤ ᠢᠷᠡᠬᠦ ᠦᠭᠡᠶ᠃      ᠮᠡᠬᠡᠯᠡᠯ ᠢ ᠰᠡᠷᠭᠡᠶᠢᠯᠡᠬᠦ ᠵᠦᠭᠯᠡᠭᠦᠷ᠄ ᠵᠢᠭᠡᠯᠡᠯᠭᠡ ᠲᠠᠯᠪᠢᠬᠤ ᠦᠶ᠎ᠡ ᠳᠤ ᠵᠢᠭᠡᠯᠡᠯᠭᠡ ᠲᠠᠯᠪᠢᠬᠤ ᠦᠭᠡᠢ ᠤᠷᠢᠳ ᠢᠶᠠᠷ ᠰᠦᠢᠳᠭᠡᠯ ᠬᠤᠷᠢᠶᠠᠬᠤ ᠪᠣᠯ ᠯᠠᠪᠲᠠᠶ ᠮᠡᠬᠡᠯᠡᠯ ᠪᠣᠯᠤᠨ᠎ᠠ︕ ᠵᠢᠭᠡᠯᠡᠯᠭᠡ ᠵᠢᠭᠡᠯᠡᠬᠦ ᠴᠢᠬᠤᠯᠠ ᠲᠠᠢ ᠪᠣᠯ ᠪᠠᠩᠬᠢ ᠵᠡᠷᠭᠡ ᠵᠢᠩᠬᠢᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠣᠩᠭᠤᠬᠤ ᠬᠡᠷᠡᠭᠲᠡᠶ᠃      ᠮᠡᠬᠡᠯᠡᠯ ᠤᠨ ᠠᠷᠭ᠎ᠠ ᠪᠠᠷᠢᠯ ᠳᠥᠷᠪᠡ᠄ ᠪᠠᠯᠠ ᠣᠷᠣᠭᠤᠯᠵᠤ ᠡᠳ᠋ ᠢᠶᠠᠨ ᠵᠣᠬᠢᠴᠠᠭᠤᠯᠬᠤ ᠮᠡᠬᠡᠯᠡᠯ      ᠬᠡᠷᠡᠭ ᠤᠨ ᠵᠢᠱᠢᠶ᠎ᠡ᠄ ᠴᠧᠨ ᠣᠪᠣᠭᠲᠤ ᠰᠲ᠋ᠣᠺ ᠠᠷᠠᠯᠵᠢᠶᠠᠯᠠᠬᠤ ᠰᠣᠯᠢᠯᠴᠠᠭᠠᠨ ᠤ ᠴᠤᠭᠯᠠᠷᠠᠯ ᠳᠤ ᠲᠠᠲᠠᠭᠳᠠᠨ ᠣᠷᠣᠵᠤ᠂ ᠣᠯᠠᠭᠤᠯᠠ ᠵᠣᠭᠤᠭᠳᠠᠭᠰᠠᠨ ᠠᠭᠤᠯᠭ᠎ᠠ ᠶᠢᠨ ᠣᠯᠠᠩᠬᠢ ᠨᠢ ᠰᠲ᠋ᠣᠺ ᠠᠷᠠᠯᠵᠢᠶᠠᠯᠠᠬᠤ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ᠂ ᠠᠰᠢᠭ  ᠣᠷᠣᠯᠭ᠎ᠠ  ᠪᠠᠨ  ᠳᠡᠯᠭᠡᠨ  ᠦᠵᠡᠭᠦᠯᠬᠦ  ᠵᠡᠷᠭᠡ  ᠠᠵᠢᠯᠯᠠᠭ᠎ᠠ ᠬᠢᠭᠰᠡᠨ ᠪᠥᠭᠡᠳ ︽ᠵᠣᠴᠢᠳ ᠲᠤ ᠦᠢᠯᠡᠴᠢᠯᠡᠬᠦ︾ ᠬᠠᠮᠢᠶ᠎ᠠ  ᠪᠦᠬᠦᠢ  ᠰᠲ᠋ᠣᠺ  ᠠᠷᠠᠯᠵᠢᠶᠠᠯᠠᠬᠤ  ᠬᠢᠴᠢᠶᠡᠯ  ᠢ  ᠲᠠᠨᠢᠯᠴᠠᠭᠤᠯᠤᠭᠰᠠᠨ  ᠪᠠᠶᠢᠨ᠎ᠠ᠃ ᠴᠧᠨ ᠣᠪᠣᠭᠲᠤ ᠬᠡᠰᠡᠭ ᠬᠤᠭᠤᠴᠠᠭ᠎ᠠ ᠠᠵᠢᠭᠯᠠᠵᠤ ᠦᠵᠡᠭᠰᠡᠨ ᠳᠤ᠂ ᠤᠯᠠᠨ ᠨᠠᠶᠢᠵᠠ ᠨᠢ ᠲᠠᠰᠤᠷᠠᠯᠲᠠ ᠦᠭᠡᠢ ᠠᠰᠢᠭ ᠣᠷᠣᠯᠭ᠎ᠠ ᠶᠢᠨ ᠵᠢᠷᠤᠭ ᠢᠶᠠᠨ ᠳᠡᠯᠭᠡᠨ ᠦᠵᠡᠭᠦᠯᠵᠦ᠂ ᠲᠡᠰᠬᠦ ᠶᠢᠨ ᠠᠷᠭ᠎ᠠ ᠦᠭᠡᠢ ᠪᠣᠯᠬᠤ ᠳᠤ ᠪᠠᠨ    ︽ᠵᠣᠴᠢᠳ ᠲᠤ ᠦᠢᠯᠡᠴᠢᠯᠡᠬᠦ︾ ᠲᠤᠬᠠᠢ ᠠᠰᠠᠭᠤᠨ ᠯᠠᠪᠯᠠᠭ᠎ᠠ ᠠᠪᠴᠤ᠂ ᠨᠦᠬᠦᠭᠡ ᠡᠲᠡᠭᠡᠳ ᠤᠨ ᠬᠠᠩᠭᠠᠭᠰᠠᠨ ᠬᠤᠯᠪᠣᠭᠳᠠᠯ ᠪᠦᠬᠦᠢ ︽ᠡᠷᠬᠡ ᠰᠦᠷᠲᠦ ᠭᠡᠷᠡᠴᠢᠯᠡᠯ︾ ᠤᠨ ᠢᠯᠡᠷᠬᠡᠶᠢᠯᠡᠯᠲᠡ ᠶᠢ ᠣᠯᠤᠭᠰᠠᠨ ᠤ ᠳᠠᠷᠠᠭ᠎ᠠ᠂ ᠰᠣᠨᠣᠷ ᠰᠡᠷᠡᠮᠵᠢ ᠪᠠᠨ ᠪᠦᠷᠢᠮᠦᠰᠦᠨ ᠰᠤᠯᠠᠷᠠᠭᠤᠯᠵᠤ᠂ ︽ᠵᠣᠴᠢᠳ ᠲᠤ ᠦᠢᠯᠡᠴᠢᠯᠡᠬᠦ︾ ᠠᠴᠠ ᠬᠠᠩᠭᠠᠭᠰᠠᠨ ᠰᠲ᠋ᠣᠺ ᠠᠷᠠᠯᠵᠢᠶᠠᠯᠠᠬᠤ App ᠶᠢ ᠪᠠᠭᠤᠯᠭᠠᠨ ᠠᠪᠴᠤ᠂ ︽ᠵᠢᠯᠤᠭᠤᠳᠤᠭᠴᠢ ᠪᠠᠭᠰᠢ︾ ᠶᠢ ᠳᠠᠭᠠᠵᠤ ᠪᠡᠯᠡ ᠣᠷᠣᠭᠤᠯᠵᠤ ᠡᠬᠢᠯᠡᠪᠡ᠃ ᠡᠬᠢᠨ ᠤ ᠬᠤᠭᠤᠴᠠᠭᠠᠨ ᠳᠤ ᠣᠯᠤᠭᠰᠠᠨ ᠠᠰᠢᠭ ᠨᠢ ᠦᠨᠡᠬᠡᠷ ᠢᠯᠡᠷᠬᠡᠶ ᠪᠠᠶᠢᠵᠤ᠂ ᠴᠧᠨ ᠣᠪᠣᠭᠲᠤ ᠪᠠᠰᠠ ᠵᠠᠯᠭᠠᠭ᠎ᠠ ᠪᠠᠷ 100 ᠲᠦᠮᠡᠨ ᠲᠥᠭᠦᠷᠢᠭ ᠤᠨ ᠨᠡᠮᠡᠵᠦ ᠣᠷᠣᠭᠤᠯᠤᠭᠰᠠᠨ ᠪᠠᠯᠠ ᠮᠥᠩᠭᠦ ᠶᠢ ᠰᠢᠯᠵᠢᠭᠦᠯᠦᠨ ᠥᠭᠴᠡᠶ᠂ ᠡᠨᠡ ᠦᠶ᠎ᠡ ᠳᠤ ᠰᠢᠰᠲ᠋ᠧᠮ ᠳᠤ ᠬᠠᠷᠢᠨ ᠲᠠᠩᠰᠠᠨ ᠡᠷᠦᠬᠡ ᠶᠢ ᠴᠡᠪᠳᠡᠭᠰᠢᠭᠦᠯᠦᠭᠰᠡᠨ ᠪᠠᠶᠢᠳᠠᠯ ᠢᠯᠡᠷᠡᠵᠦ᠂ ᠴᠧᠨ ᠣᠪᠣᠭᠲᠤ ︽ᠵᠣᠴᠢᠳ ᠲᠤ  ᠦᠢᠯᠡᠴᠢᠯᠡᠬᠦ︾ ᠲᠠᠢ ᠬᠠᠷᠢᠯᠴᠠᠵᠤ ᠪᠠᠯᠠ ᠮᠥᠩᠭᠦ ᠶᠢ ᠨᠡᠬᠡᠮᠵᠢᠯᠡᠨ ᠠᠪᠴᠢᠷᠠᠬᠤ ᠭᠡᠰᠡᠨ ᠳᠤ ᠡᠯᠳᠡᠪ ᠵᠦᠢᠯ ᠤᠨ ᠰᠢᠯᠲᠠᠭ ᠢᠶᠠᠷ ᠠᠷᠭᠠᠴᠠᠭᠠᠭᠳᠠᠵᠤ᠂ ᠬᠤᠶᠠᠷ ᠡᠳᠦᠷ ᠤᠨ ᠳᠠᠷᠠᠭ᠎ᠠ ᠸᠢᠴᠠᠲ ᠨᠢ ᠬᠠᠷᠠᠯᠠᠵᠤ᠂ ᠲᠠᠨᠢᠯᠴᠠᠭᠤᠯᠤᠭᠰᠠᠨ ᠸᠢᠴᠠᠲ ᠤᠨ ᠬᠤᠯᠪᠣᠭ᠎ᠠ ᠴᠤ ᠲᠠᠷᠬᠠᠭᠰᠠᠨ ᠢ ᠣᠯᠵᠤ ᠮᠡᠳᠡᠭᠡᠳ ᠰᠠᠶ᠋ᠢ ᠮᠡᠬᠡᠯᠡᠭᠳᠡᠭᠰᠡᠨ ᠢᠶᠠᠨ ᠮᠡᠳᠡᠵᠡᠶ᠃      ᠠᠷᠭ᠎ᠠ ᠪᠠᠷᠢᠯ᠄ ᠶᠠᠯ᠎ᠠ ᠬᠢᠭᠰᠡᠨ ᠰᠡᠵᠢᠭᠳᠡᠨ ᠪᠠᠯᠠ ᠣᠷᠤᠭᠤᠯᠵᠤ ᠡᠳ᠋ ᠢᠶᠠᠨ ᠵᠤᠬᠢᠴᠠᠭᠤᠯᠬᠤ ᠴᠤᠭᠯᠠᠷᠠᠯ ᠪᠠᠶᠢᠭᠤᠯᠵᠤ᠂ ︽ᠬᠡᠦᠬᠡᠳ ᠰᠠᠭᠠᠲᠠᠭᠤᠯᠬᠤ︾ ᠪᠠᠷ ᠡᠯ᠎ᠡ ᠵᠦᠢᠯ ᠤᠨ ᠪᠠᠯᠠ ᠣᠷᠣᠭᠤᠯᠤᠯᠲᠠ ᠶᠢᠨ ᠳᠦᠷᠢ ᠶᠢ ᠲᠣᠭᠯᠠᠭᠤᠯᠵᠤ ᠬᠤᠬᠢᠷᠠᠯ ᠠᠮᠰᠠᠭᠴᠢ ᠶᠢᠨ ᠠᠩᠬᠠᠷᠤᠯ ᠢ ᠲᠠᠲᠠᠬᠤ ᠶᠢᠨ ᠬᠠᠮᠲᠤ ᠬᠤᠯᠪᠣᠭᠳᠠᠯ ᠪᠥᠬᠦᠶ ︽ᠡᠷᠬᠡ ᠰᠦᠷᠲᠦ ᠭᠡᠷᠡᠴᠢᠯᠡᠯ︾ ᠤᠨ ᠢᠯᠡᠷᠬᠡᠶᠢᠯᠡᠯᠲᠡ ᠬᠠᠩᠭᠠᠵᠤ ᠢᠲᠡᠭᠡᠯ ᠢ ᠨᠢ ᠣᠯᠵᠤ᠂ ᠬᠤᠬᠢᠷᠠᠯ ᠠᠮᠰᠠᠭᠴᠢ ᠶᠢᠨ ᠪᠠᠭ᠎ᠠ ᠲᠣᠭᠠᠨ ᠤ ᠪᠠᠯᠠ ᠣᠷᠣᠭᠤᠯᠤᠯᠲᠠ ᠳᠤ ᠠᠰᠢᠭ ᠭᠥᠷᠳᠡᠭᠰᠡᠨ ᠤ ᠳᠠᠷᠠᠭ᠎ᠠ᠂ ᠳᠠᠬᠢᠨ ᠲᠡᠭᠦᠨ ᠢ ᠥᠳᠥᠭᠡᠨ ᠶᠡᠭᠡ ᠲᠣᠭᠠᠨ ᠤ ᠪᠠᠯᠠ ᠣᠷᠣᠭᠤᠯᠤᠯᠲᠠ ᠬᠢᠯᠭᠡᠵᠦ᠂ ᠬᠠᠮᠤᠭ ᠡᠴᠦᠰ ᠲᠤ ᠵᠣᠭᠤᠰ ᠢ ᠬᠤᠨᠵᠢᠳᠠᠭ᠃      ᠮᠡᠬᠡᠯᠡᠯ ᠢ ᠰᠡᠷᠭᠡᠶᠢᠯᠡᠬᠦ ᠵᠦᠭᠯᠡᠭᠦᠷ᠄ ᠬᠢᠨᠠᠨ ᠬᠠᠷᠭᠤᠭᠤᠯᠤᠭ᠎ᠠ ᠥᠬᠡᠶ ᠪᠠᠯᠠ ᠣᠷᠤᠭᠤᠯᠵᠤ ᠡᠳ᠋ ᠢᠶᠠᠨ ᠵᠤᠬᠢᠴᠠᠭᠤᠯᠬᠤ ᠴᠤᠭᠯᠠᠷᠠᠯ ᠳᠤ ᠶᠠᠭᠠᠬᠢᠭᠰᠠᠨ ᠴᠤ ᠰᠣᠬᠤᠷ ᠪᠠᠯᠠᠶ ᠪᠠᠷ ᠣᠷᠣᠯᠴᠠᠵᠤ ᠪᠣᠯᠬᠤ ᠥᠬᠡᠶ᠂ ᠴᠤᠭᠯᠠᠷᠠᠯ ᠳᠠᠬᠢ ︽ᠲᠤᠰᠬᠠᠶ ᠮᠡᠷᠭᠡᠵᠢᠯ ᠤᠨ ᠬᠥᠮᠦᠰ︾ ᠤᠨ ᠨᠡᠶᠢᠲᠡᠯᠡᠭᠰᠡᠨ ︽ᠳᠣᠲᠣᠭᠠᠳᠤ ᠶᠢᠨ ᠮᠡᠳᠡᠭᠡ︾ ᠶᠢ ᠰᠡᠷᠡᠮᠵᠢᠯᠡᠵᠦ᠂ ᠲᠠᠨᠢᠯ ᠪᠤᠰᠤ ᠲᠠᠩᠰᠠᠨ ᠨᠣᠮᠧᠷ ᠲᠤ ᠲᠠᠩᠰᠠ ᠰᠢᠯᠵᠢᠭᠦᠯᠬᠦ ᠶᠠᠮᠠᠷᠪᠠ ᠦᠢᠯᠡ ᠠᠵᠢᠯᠯᠠᠭ᠎ᠠ ᠶᠢ ᠴᠥᠮ ᠳᠠᠬᠢᠨ ᠳᠠᠪᠲᠠᠨ ᠪᠣᠳᠣᠯᠬᠢᠯᠠᠵᠤ ᠢᠯᠭᠠᠨ ᠳᠣᠲᠣᠯᠠᠬᠤ ᠬᠡᠷᠡᠭᠲᠡᠶ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ