ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠰᠠᠨᠠᠭᠤᠯᠤᠮᠵᠢ᠄ ︽ᠭᠤᠷᠪᠠᠨ ᠥᠬᠡᠶ ᠨᠢᠭᠡ ᠣᠯᠠᠨ︾ ᠵᠠᠷᠴᠢᠮ ᠢ ᠪᠠᠲᠤ ᠴᠡᠭᠡᠵᠢᠯᠡᠵᠦ ᠬᠤᠪᠢᠨ ᠤ ᠵᠣᠭᠤᠰ ᠮᠦᠩᠬᠦ ᠪᠠᠨ ᠰᠠᠶᠢᠳᠤᠷ ᠬᠠᠮᠠᠭᠠᠯᠠᠭᠠᠷᠠᠢ
ᠨᠡᠶᠢᠲᠡᠯᠡᠭᠰᠡᠨ ᠴᠠᠭ᠄
2021/5/12
         ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠰᠠᠨᠠᠭᠤᠯᠤᠮᠵᠢ᠄          ︽ᠭᠤᠷᠪᠠᠨ ᠥᠬᠡᠶ ᠨᠢᠭᠡ ᠣᠯᠠᠨ︾ ᠵᠠᠷᠴᠢᠮ ᠢ ᠪᠠᠲᠤ ᠴᠡᠭᠡᠵᠢᠯᠡᠵᠦ          ᠬᠤᠪᠢᠨ ᠤ ᠵᠣᠭᠤᠰ ᠮᠦᠩᠬᠦ ᠪᠠᠨ ᠰᠠᠶᠢᠳᠤᠷ ᠬᠠᠮᠠᠭᠠᠯᠠᠭᠠᠷᠠᠢ            ᠤᠢᠢᠷ᠎ᠠ ᠶᠢᠨ ᠵᠢᠯ ᠤᠳ ᠲᠤ᠂ ᠬᠠᠤᠯᠢ ᠪᠤᠰᠤ ᠡᠲᠡᠭᠡᠳ ᠡᠳᠦᠷ ᠢᠷᠡᠬᠦᠶ᠎ᠡ ᠬᠥᠭᠵᠢᠵᠦ ᠪᠠᠶᠢᠭ᠎ᠠ ᠮᠡᠳᠡᠭᠡ ᠬᠤᠯᠪᠣᠭᠠᠨ ᠤ ᠮᠡᠷᠭᠡᠵᠢᠯ ᠪᠠ ᠲᠦᠷᠭᠡᠨ ᠲᠦᠯᠦᠬᠦ ᠮᠡᠷᠭᠡᠵᠢᠯ ᠢ ᠠᠰᠢᠭᠯᠠᠨ᠂ ᠡᠯ᠎ᠡ ᠵᠦᠢᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠬᠢᠵᠦ᠂ ᠠᠷᠠᠳ ᠤᠯᠠᠨ ᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ ᠪᠠᠶᠢᠨ᠎ᠠ᠃ ᠣᠨᠴᠠᠭᠠᠶᠢᠯᠠᠨ ᠡᠨᠡ ᠵᠢᠯ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠤ᠂ ᠶᠡᠭᠡ ᠬᠡᠮᠵᠢᠶᠡᠨ ᠤ ᠭᠡᠷ ᠲᠤ ᠪᠠᠨ ᠪᠠᠶᠢᠭ᠎ᠠ ᠰᠦᠯᠵᠢᠶᠡᠨ ᠤ ᠠᠷᠠᠳ ᠵᠣᠭᠤᠰ ᠳᠤᠲᠠᠵᠤ ᠵᠢᠭᠡᠯᠡᠯᠭᠡ ᠠᠪᠬᠤ ᠰᠠᠨᠠᠭ᠎ᠠ ᠲᠠᠢ᠂ ᠠᠵᠢᠯᠯᠠᠬᠤ ᠦᠭᠡᠢ ᠵᠠᠬᠢᠶᠠᠯᠠᠭ᠎ᠠ ᠬᠢᠵᠦ᠂ ᠮᠡᠬᠡᠯᠡᠭᠴᠢ ᠳᠤ ᠵᠠᠪᠰᠢᠶᠠᠨ ᠣᠯᠭᠤᠬᠤ᠂ ᠵᠢᠭᠡᠯᠡᠯᠭᠡ ᠶᠢᠨ ᠲᠦᠷᠦᠯ ᠤᠨ ᠮᠡᠬᠡᠯᠡᠯ᠂ ᠲᠤᠰᠢᠶᠠᠯ ᠬᠠᠪᠰᠤᠷᠭᠠᠵᠤ ᠵᠠᠬᠢᠶᠠᠯᠠᠭ᠎ᠠ ᠬᠢᠬᠦ ᠮᠡᠬᠡᠯᠡᠯ᠂ ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠬᠤ ᠲᠥᠷᠥᠯ ᠤᠨ ᠮᠡᠬᠡᠯᠡᠯ ᠤᠨ ᠬᠡᠷᠡᠭ ᠣᠯᠠᠨ ᠭᠠᠷᠴᠤ ᠪᠠᠶᠢᠨ᠎ᠠ᠃ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠠᠷᠠᠳ ᠤᠨ ᠴᠠᠭᠳᠠᠭ᠎ᠠ ᠡᠭᠦᠨ ᠤ ᠲᠤᠬᠠᠶ ᠪᠢᠴᠢᠯ ᠵᠠᠷ ᠭᠠᠷᠭᠠᠵᠤ᠂ ᠡᠭᠦᠨ ᠤ ᠬᠠᠮᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ︽ᠭᠤᠷᠪᠠᠨ ᠥᠬᠡᠶ ᠨᠢᠭᠡ ᠣᠯᠠᠨ︾ ︵ᠳᠠᠷᠤᠶ᠄ ᠥᠯᠥ ᠮᠡᠳᠡᠬᠦ ᠬᠤᠯᠪᠣᠭᠠᠰᠤ ᠶᠢ ᠲᠣᠪᠴᠢᠳᠠᠬᠤ ᠥᠬᠡᠶ᠂ ᠲᠠᠨᠢᠯ ᠪᠤᠰᠤ ᠬᠥᠮᠦᠨ ᠢ ᠠᠮᠠᠷᠬᠠᠨ ᠢᠲᠡᠭᠡᠬᠦ ᠦᠭᠡᠢ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠦᠭᠡᠢ᠂ ᠳᠠᠩᠰᠠ ᠰᠢᠯᠵᠢᠭᠦᠯᠬᠦ ᠭᠤᠪᠢᠭᠤᠯᠭ᠎ᠠ ᠶᠢ ᠣᠯᠠᠨ ᠬᠠᠷᠭᠤᠭᠤᠯᠤᠨ᠎ᠠ︶ ᠵᠠᠷᠴᠢᠮ ᠢ  ᠪᠠᠲᠤ  ᠴᠡᠭᠡᠵᠢᠯᠡᠬᠦ  ᠬᠡᠷᠡᠭᠲᠡᠶ᠃ ᠴᠠᠭᠳᠠᠭ᠎ᠠ  ᠲᠠᠢ  ᠬᠠᠮᠲᠤ  ᠮᠥᠩᠬᠦ  ᠵᠤᠭᠤᠰ  ᠢᠶᠠᠨ  ᠰᠠᠶᠢᠳᠤᠷ  ᠬᠠᠮᠠᠭᠠᠯᠠᠰᠤᠭᠠᠢ᠃     ᠵᠢᠭᠡᠯᠡᠯᠭᠡ ᠶᠢᠨ ᠲᠥᠷᠥᠯ ᠤᠨ ᠮᠡᠬᠡᠯᠡᠯ      ᠡᠩ ᠲᠡᠷᠢᠭᠦᠨ ᠳᠤ᠂ ᠶᠠᠯᠠᠲᠤ ᠡᠲᠡᠭᠡᠳ ᠬᠤᠬᠢᠷᠠᠯ ᠠᠮᠰᠠᠭᠴᠢ ᠶᠢᠨ QQ᠂ ᠸᠢᠴᠠᠲ ᠨᠡᠮᠡᠬᠦ ᠪᠠᠷ ᠳᠠᠮᠵᠢᠭᠤᠯᠤᠨ᠂ ᠬᠤᠬᠢᠷᠠᠯ ᠠᠮᠰᠠᠭᠴᠢ ᠶᠢ ᠵᠢᠭᠠᠨ ᠵᠢᠯᠣᠭᠤᠳᠴᠤ ᠪᠠᠶᠢᠭᠠᠳ ᠬᠤᠪᠢᠶᠠᠨ ᠲᠠᠷᠬᠠᠭᠠᠬᠤ ᠲᠠᠪᠴᠠᠩ ᠠᠴᠠ ᠬᠤᠳᠠᠯ ᠬᠠᠭᠤᠷᠮᠠᠭ ᠵᠢᠭᠡᠯᠡᠯᠭᠡ ᠶᠢᠨ APP ᠶᠢ ᠪᠠᠭᠤᠯᠭᠠᠬᠤ︔ ᠬᠤᠶᠠᠳᠤᠭᠠᠷ ᠠᠯᠬᠤᠮ ᠳᠤ᠂ ᠵᠢᠩᠬᠢᠨᠢ ᠵᠢᠭᠡᠯᠡᠯᠭᠡ ᠶᠢᠨ ᠲᠠᠪᠴᠠᠩ ᠤᠨ ᠴᠤᠪᠤᠷᠠᠯ ᠢ ᠬᠠᠭᠤᠷᠮᠠᠭᠯᠠᠨ ᠬᠡᠷᠡᠭᠯᠡᠵᠦ᠂ ᠬᠤᠬᠢᠷᠠᠯ ᠠᠮᠰᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠤᠳᠠᠯ ᠬᠠᠭᠤᠷᠮᠠᠭ APP ᠶᠢᠨ ᠳᠣᠲᠣᠷ᠎ᠠ ︽ᠵᠢᠭᠡᠯᠡᠯᠭᠡ ᠭᠤᠶᠤᠴᠢᠯᠠᠬᠤ︾ ᠠᠵᠢᠯᠯᠠᠭ᠎ᠠ ᠶᠢ ᠪᠡᠶᠡᠯᠡᠭᠦᠯᠵᠦ᠂ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ᠂ ᠵᠢᠭᠡᠯᠡᠯᠭᠡ ᠶᠢᠨ ᠵᠣᠭᠤᠰ ᠤᠨ ᠲᠤᠭ᠎ᠠ᠂ ᠵᠣᠭᠤᠰ ᠪᠤᠴᠠᠭᠠᠬᠤ ᠠᠷᠭ᠎ᠠ ᠮᠠᠶ᠋ᠢᠭ ᠪᠠ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ ᠲᠠᠭᠯᠠᠭᠤᠯᠬᠤ︔ ᠭᠤᠷᠪᠠᠳᠤᠭᠠᠷ ᠠᠯᠬᠤᠮ ᠳᠤ᠂ ᠬᠤᠬᠢᠷᠠᠯ ᠠᠮᠰᠠᠭᠴᠢ ᠳᠤ ᠵᠢᠭᠡᠯᠡᠯᠭᠡ ᠶᠢᠨ ᠭᠤᠶᠤᠴᠢᠯᠠᠯ ᠨᠢ ᠨᠢᠭᠡᠨᠲᠡ ᠵᠥᠪᠰᠢᠶᠡᠷᠡᠭᠳᠡᠭᠰᠡᠨ ᠢ ᠲᠣᠳᠣᠷᠬᠠᠶ ᠮᠡᠳᠡᠭᠳᠡᠵᠦ᠂ ᠲᠤᠬᠠᠶ ᠶᠢᠨ ᠡᠳᠦᠷ ᠲᠤᠨᠢ ᠵᠣᠭᠤᠰ ᠪᠠᠭᠤᠯᠭᠠᠵᠤ ᠪᠣᠯᠬᠤ ᠪᠥᠭᠡᠳ APP ᠶᠢ ᠠᠰᠢᠭᠯᠠᠨ ᠵᠢᠭᠡᠯᠡᠯᠭᠡ ᠶᠢᠨ ᠬᠢᠨᠠᠨ ᠵᠥᠪᠰᠢᠶᠡᠷᠡᠭᠡᠳ ᠨᠢᠭᠡᠨᠲᠡ ᠵᠥᠪᠰᠢᠶᠡᠷᠡᠭᠰᠡᠨ ᠣᠭᠲᠣᠯᠤᠭᠠᠰᠤ ᠵᠢᠷᠤᠭ ᠢ ᠠᠶᠠᠨᠳᠠᠭᠠᠨ ᠪᠣᠶ ᠪᠣᠯᠭᠠᠵᠤ᠂ ᠬᠤᠬᠢᠷᠠᠯ ᠠᠮᠰᠠᠭᠴᠢ ᠶᠢ ᠦᠨᠡᠮᠰᠢᠭᠦᠯᠬᠦ︔ ᠳᠥᠷᠪᠡᠳᠦᠭᠡᠷ ᠠᠯᠬᠤᠮ ᠳᠤ᠂ ᠮᠦᠩᠬᠦᠨ ᠤ ᠭᠦᠢᠯᠭᠡᠭᠡ ᠬᠦᠷᠦᠯᠴᠡᠬᠦ ᠦᠭᠡᠶ᠂ ᠪᠠᠲᠤᠯᠠᠭ᠎ᠠ ᠶᠢᠨ ᠮᠥᠩᠭᠦ ᠬᠦᠷᠦᠯᠴᠡᠬᠦ ᠦᠭᠡᠶ ᠵᠡᠷᠭᠡ ᠵᠢᠭᠡᠯᠡᠯᠭᠡ ᠲᠠᠯᠪᠢᠬᠤ ᠶᠢᠨ ᠠᠷᠭ᠎ᠠ ᠦᠭᠡᠶ ᠰᠢᠯᠲᠠᠭᠠᠨ ᠢ ᠵᠣᠬᠢᠶᠠᠵᠤ᠂ ᠬᠤᠬᠢᠷᠠᠯ ᠠᠮᠰᠠᠭᠴᠢ ᠶᠢ ᠵᠣᠭᠤᠰ ᠢᠶᠠᠨ ᠲᠤᠰᠢᠶᠠᠯᠭᠠᠨ᠎ᠠ᠃ ᠵᠢᠭᠡᠯᠡᠯᠭᠡ ᠶᠢᠨ ᠪᠠᠯᠠ ᠮᠥᠩᠭᠦ ᠶᠢ ᠠᠯᠢ ᠲᠦᠷᠭᠡᠨ ᠢᠶᠠᠷ ᠤᠯᠬᠤ ᠶᠢᠨ ᠲᠥᠯᠥᠭᠡ᠂ ᠬᠤᠬᠢᠷᠠᠯ ᠠᠮᠰᠠᠭᠴᠢ ᠶᠡᠷᠦᠨᠢ ᠮᠡᠬᠡᠯᠡᠭᠴᠢ ᠶᠢᠨ ᠱᠠᠭᠠᠷᠳᠠᠯᠭ᠎ᠠ ᠶᠣᠰᠣᠭᠠᠷ ᠲᠠᠩᠰᠠ ᠰᠢᠯᠵᠢᠭᠦᠯᠵᠦ᠂ ᠡᠴᠦᠰ ᠲᠡᠭᠡᠨ ᠮᠡᠬᠡᠯᠡᠭᠳᠡᠳᠡᠭ᠃      ᠮᠡᠬᠡᠯᠡᠯ ᠢ ᠰᠡᠷᠭᠡᠶᠢᠯᠡᠬᠦ ᠰᠠᠨᠠᠭᠤᠯᠤᠮᠵᠢ᠄ ᠵᠣᠭᠤᠰ ᠵᠢᠭᠡᠯᠡᠭᠦᠯᠬᠦ ᠠᠴᠠ ᠡᠮᠦᠨ᠎ᠡ ᠪᠠᠲᠤᠯᠠᠭ᠎ᠠ ᠶᠢᠨ ᠮᠥᠩᠭᠦ᠂ ᠭᠠᠷ ᠭᠦᠢᠴᠡᠳᠭᠡᠯ ᠤᠨ ᠰᠦᠢᠳᠭᠡᠯ ᠲᠤᠰᠢᠶᠠᠬᠤ ᠶᠢ ᠱᠠᠭᠠᠷᠳᠠᠭᠰᠠᠨ ᠪᠦᠬᠦᠨ ᠴᠥᠮ ᠵᠢᠭᠡᠯᠡᠯᠭᠡ ᠶᠢᠨ ᠮᠡᠬᠡᠯᠡᠯ ᠪᠠᠶᠢᠵᠤ᠂ ᠮᠡᠬᠡᠯᠡᠭᠳᠡᠬᠦ ᠠᠴᠠ ᠬᠢᠴᠢᠶᠡᠨ᠎ᠡ︔ ᠬᠡᠷᠪᠡ ᠵᠢᠭᠡᠯᠡᠯᠭᠡ ᠠᠪᠬᠤ ᠴᠢᠬᠤᠯᠠ ᠲᠠᠢ ᠪᠣᠯ ᠪᠠᠩᠬᠢ ᠪᠤᠶᠤ ᠵᠢᠩᠬᠢᠨᠢ ᠵᠢᠭᠡᠯᠡᠯᠭᠡ ᠶᠢᠨ ᠪᠠᠶᠢᠭᠤᠯᠤᠮᠵᠢ ᠳᠤ ᠬᠦᠷᠴᠦ ᠭᠦᠢᠴᠡᠳᠭᠡᠬᠦ ᠬᠡᠷᠡᠭᠲᠡᠶ᠂ ︽ᠪᠠᠷᠢᠴᠠᠭ᠎ᠠ ᠥᠬᠡᠶ︾᠂ ︽ᠪᠠᠳᠤᠯᠠᠭᠴᠢ ᠥᠬᠡᠶ︾᠂ ︽ᠲᠣᠰ ᠡᠳᠦᠷ ᠲᠤ ᠪᠠᠨ ᠵᠢᠭᠡᠯᠡᠯᠭᠡ ᠲᠠᠯᠪᠢᠬᠤ︾ ᠵᠡᠷᠭᠡ ᠵᠢᠭᠡᠯᠡᠯᠭᠡ ᠶᠢᠨ ᠵᠠᠷ ᠮᠡᠳᠡᠭᠡ ᠶᠢ ᠢᠲᠡᠭᠡᠵᠦ ᠪᠣᠯᠬᠤ ᠥᠬᠡᠶ︔ ᠲᠠᠨᠢᠯ ᠪᠤᠰᠤ ᠰᠦᠯᠵᠢᠶᠡᠨ ᠤ ᠬᠠᠶ᠋ᠢᠭ ᠢ ᠳᠤᠷ᠎ᠠ ᠪᠠᠷ ᠢᠶᠠᠨ ᠲᠣᠪᠴᠢᠳᠠᠵᠤ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠲᠤᠰᠢᠶᠠᠵᠤ ᠪᠣᠯᠬᠤ ᠥᠬᠡᠶ︔ ᠠᠯᠪᠠᠨ ᠰᠦᠯᠵᠢᠶ᠎ᠡ ᠪᠤᠶᠤ ᠵᠢᠩᠬᠢᠨᠢ ᠲᠠᠪᠴᠠᠩ ᠠᠴᠠ ᠵᠢᠭᠡᠯᠡᠯᠭᠡ ᠶᠢᠨ APP ᠵᠥᠭᠡᠯᠡᠨ ᠲᠣᠨᠤᠭ ᠪᠠᠭᠤᠯᠭᠠᠭᠠᠷᠠᠶ︔ 95 ᠳ᠋ᠤᠭᠠᠷ ᠪᠠ 1069 ᠣᠬᠤᠷ ᠮᠡᠳᠡᠭᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠶ᠂ ᠯᠠᠪᠲᠠᠶ ᠵᠢᠩᠬᠢᠨᠢ ᠺᠣᠮᠫᠠᠨᠢ ᠶᠢᠨ ᠤᠲᠠᠰᠤ ᠪᠤᠶᠤ ᠶᠠᠪᠤᠭᠤᠯᠤᠭᠰᠠᠨ ᠭᠡᠵᠦ ᠪᠣᠳᠣᠵᠤ ᠪᠣᠯᠬᠤ ᠦᠭᠡᠢ᠂ ᠪᠣᠯᠭᠤᠮᠵᠢᠲᠠᠶ ᠢᠯᠭᠠᠨ ᠲᠣᠳᠣᠯᠠᠬᠤ ᠬᠡᠷᠡᠭᠲᠡᠶ᠃      ᠠᠵᠢᠯ ᠬᠠᠪᠰᠤᠷᠭᠠᠨ ᠵᠠᠬᠢᠶᠠᠯᠠᠭ᠎ᠠ ᠶᠢᠨ ᠮᠡᠬᠡᠯᠡᠯ      ᠬᠠᠤᠯᠢ ᠪᠤᠰᠤ ᠡᠲᠡᠭᠡᠳ ᠡᠯ᠎ᠡ ᠵᠦᠢᠯ ᠤᠨ QQ ᠴᠤᠭᠯᠠᠷᠠᠯ᠂ ᠸᠢᠴᠠᠲ ᠤᠨ ᠴᠤᠭᠯᠠᠷᠠᠯ᠂ ᠠᠵᠢᠯᠲᠠᠨ ᠡᠯᠰᠡᠬᠦ ᠰᠦᠯᠵᠢᠶ᠎ᠡ᠂ ᠣᠬᠤᠷ ᠮᠡᠳᠡᠭᠡ ᠵᠠᠩᠭᠢ ᠶᠢᠨ ᠳᠤᠮᠳᠠ ᠲᠤᠰᠢᠶᠠᠯ ᠬᠠᠪᠰᠤᠷᠭᠠᠬᠤ ᠮᠡᠳᠡᠭᠡ ᠵᠠᠩᠭᠢ ᠨᠡᠶᠢᠲᠡᠯᠡᠵᠦ᠂ ᠠᠵᠢᠯ ᠤᠨ ᠠᠭᠤᠯᠭ᠎ᠠ ᠶᠢᠨ ᠣᠯᠠᠩᠬᠢ  ᠨᠢ ᠰᠦᠯᠵᠢᠶ᠎ᠡ  ᠪᠠᠷ  ᠲᠤᠰᠢᠶᠠᠯ  ᠬᠠᠪᠰᠤᠷᠭᠠᠵᠤ  ᠵᠠᠬᠢᠶᠠᠯᠠᠭ᠎ᠠ  ᠬᠢᠯᠭᠡᠬᠦ᠂ ︽ᠬᠠᠷᠢᠭᠤ ᠬᠠᠷᠠᠮᠵᠢ ᠶᠢᠨ ᠨᠣᠷᠮ᠎ᠠ ᠥᠨᠳᠥᠷ︾᠂ ︽ᠴᠠᠯᠢᠩ ᠢ ᠨᠢ ᠡᠳᠦᠷ ᠲᠤᠨᠢ ᠪᠣᠳᠤᠬᠤ︾᠂ ︽ᠴᠠᠭ ᠵᠠᠷᠤᠴᠠᠭᠤᠯᠬᠤ ᠥᠬᠡᠶ︾ ᠬᠡᠮᠡᠨ ᠢᠯᠡᠷᠬᠡᠶᠢᠯᠡᠵᠦ᠂ ᠶᠡᠭᠡ ᠲᠣᠭᠠᠨ ᠤ ᠮᠥᠩᠭᠦ ᠵᠤᠭᠤᠰ ᠢᠶᠠᠷ ᠥᠭᠶᠥᠭᠡ ᠪᠣᠯᠭᠠᠨ ᠲᠤᠬᠠᠶ ᠶᠢᠨ ᠬᠥᠮᠦᠨ ᠢ ᠲᠠᠲᠠᠵᠤ᠂ ᠲᠤᠬᠠᠢ ᠶᠢᠨ ᠬᠦᠮᠦᠨ ᠢ ᠵᠠᠬᠢᠶᠠᠯᠠᠭ᠎ᠠ ᠬᠢᠯᠭᠡᠵᠦ ᠲᠤᠰᠢᠶᠠᠯ ᠬᠠᠪᠰᠤᠷᠭᠠᠬᠤ ᠶᠢ ᠱᠠᠭᠠᠷᠳᠠᠳᠠᠭ᠃ ᠠᠩᠬ᠎ᠠ ᠤᠳᠠᠭ᠎ᠠ ᠶᠡᠷᠦ ᠨᠢ ᠬᠦᠯᠦᠰᠦᠯᠡᠬᠦ ᠮᠥᠩᠬᠦ ᠶᠢ ᠪᠡᠯᠡᠨ ᠵᠣᠭᠤᠰ ᠢᠶᠠᠷ ᠲᠤᠰᠢᠶᠠᠯᠭᠠᠵᠤ᠂ ᠲᠤᠬᠠᠶ ᠶᠢᠨ ᠬᠥᠮᠦᠨ ᠤ ᠵᠠᠬᠢᠶᠠᠯᠠᠭ᠎ᠠ ᠶᠢᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠦᠶ᠎ᠡ ᠳᠤ᠂ ᠰᠢᠰᠲ᠋ᠧᠮ ᠤᠨ ᠺᠠᠷᠲ᠂ ᠰᠢᠰᠲ᠋ᠧᠮ ᠨᠢ ᠪᠤᠷᠤᠭᠤ᠂ ᠲᠠᠩᠰᠠᠨ ᠡᠷᠦᠬᠡ ᠶᠢ ᠠᠮᠢᠳᠤᠯᠢᠭ ᠪᠣᠯᠭᠠᠬᠤ ᠭᠡᠬᠦ ᠰᠢᠯᠲᠠᠭᠠᠨ ᠢᠶᠠᠷ ᠬᠡᠷᠡᠭ ᠤᠨ ᠡᠵᠡᠨ ᠢ ᠦᠷᠭᠦᠯᠵᠢᠯᠡᠨ ᠵᠠᠬᠢᠶᠠᠯᠠᠭ᠎ᠠ ᠪᠤᠶᠤ ᠪᠠᠲᠤᠯᠠᠭ᠎ᠠ ᠶᠢᠨ ᠮᠥᠩᠭᠦ ᠭᠤᠪᠢᠭᠤᠯᠬᠤ ᠶᠢ ᠱᠠᠭᠠᠷᠳᠠᠵᠤ᠂ ᠵᠣᠭᠤᠰ ᠮᠥᠩᠬᠦ ᠮᠡᠬᠡᠯᠡᠨ ᠠᠪᠳᠠᠭ᠃      ᠮᠡᠬᠡᠯᠡᠯ ᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠬᠠᠤᠯᠢ ᠪᠤᠰᠤ ᠵᠠᠬᠢᠶᠠᠯᠠᠭ᠎ᠠ ᠪᠣᠯ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠮᠥᠨ ᠪᠣᠯᠬᠤᠷ ᠬᠤᠪᠢ ᠬᠥᠮᠦᠨ ᠤ ᠢᠲᠡᠭᠡᠮᠵᠢ ᠪᠠᠨ ᠨᠠᠨᠳᠢᠩᠨᠠᠵᠤ᠂ ᠡᠶᠢᠮᠦᠷᠬᠦ ᠠᠵᠢᠯ ᠳᠤ ᠣᠷᠣᠯᠴᠠᠬᠤ ᠠᠴᠠ ᠬᠦᠴᠦᠯᠡᠨ ᠵᠠᠶᠢᠯᠠᠰᠬᠢᠬᠦ ᠬᠡᠷᠡᠭᠲᠡᠶ︔ ᠰᠦᠯᠵᠢᠶᠡᠨ ᠤ ᠲᠠᠪᠴᠠᠩ ᠢᠶᠠᠷ ᠠᠵᠢᠯ ᠡᠷᠢᠬᠦ ᠪᠤᠶᠤ ᠲᠤᠰᠢᠶᠠᠯ ᠬᠠᠪᠰᠤᠷᠭᠠᠬᠤ ᠦᠶ᠎ᠡ ᠳᠤ᠂ ᠥᠨᠳᠥᠷ ᠬᠥᠯᠥᠰᠥ ᠣᠯᠭᠤᠮᠵᠢ ᠪᠠᠷ ᠰᠣᠬᠤᠷ ᠪᠠᠯᠠᠶ ᠪᠠᠷ ᠲᠠᠲᠠᠭᠳᠠᠵᠤ ᠪᠣᠯᠬᠤ ᠥᠬᠡᠶ᠂ ︽ᠪᠠᠭ᠎ᠠ ᠠᠰᠢᠭ ᠲᠤ ᠳᠤᠷᠠᠯᠠᠬᠤ︾ ᠪᠠ ︽ᠠᠮᠠᠷᠬᠠᠨ ᠵᠣᠭᠤᠰ ᠤᠯᠬᠤ︾ ᠪᠣᠳᠣᠯ ᠲᠠᠢ ᠪᠠᠶᠢᠵᠤ ᠪᠣᠯᠬᠤ ᠥᠬᠡᠶ᠂ ᠲᠠᠨᠢᠯ ᠪᠤᠰᠤ ᠴᠥᠷᠬᠡᠯᠡᠭᠡ ᠶᠢ ᠳᠤᠷ᠎ᠠ ᠪᠠᠷ ᠢᠶᠠᠨ ᠳᠠᠷᠤᠵᠤ ᠪᠣᠯᠬᠤ ᠥᠬᠡᠶ︔ ᠵᠣᠭᠤᠰ ᠤᠯᠬᠤ ᠮᠡᠳᠡᠭᠡ ᠵᠠᠩᠭᠢ ᠳᠤ ᠬᠤᠯᠪᠣᠭᠳᠠᠭᠰᠠᠨ ᠪᠦᠬᠦᠨ ᠳᠤ᠂ QQ᠂ ᠸᠢᠴᠠᠲ ᠨᠡᠮᠡᠬᠦ ᠪᠤᠶᠤ APP ᠶᠢ ᠪᠠᠭᠤᠯᠭᠠᠨ ᠠᠪᠴᠤ ᠮᠠᠭᠲᠠᠨ ᠰᠠᠶᠢᠰᠢᠶᠠᠬᠤ᠂ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ᠂ ᠵᠠᠬᠢᠶᠠᠯᠠᠭ᠎ᠠ ᠥᠭᠬᠦ᠂ ᠵᠡᠭᠦᠯᠲᠡ ᠬᠠᠳᠠᠬᠤ ᠵᠡᠷᠭᠡ ᠡᠭᠦᠷᠭᠡ ᠶᠢ ᠭᠦᠢᠴᠡᠳᠬᠡᠬᠦ ᠶᠢ ᠱᠠᠭᠠᠷᠳᠠᠭᠰᠠᠨ ᠨᠢ ᠴᠥᠮ ᠮᠡᠬᠡᠯᠡᠯ ᠪᠣᠯᠤᠨ᠎ᠠ︔ ᠡᠯ᠎ᠡ ᠵᠦᠢᠯ ᠤᠨ ᠰᠢᠯᠲᠠᠭᠠᠨ ᠢᠶᠠᠷ ᠡᠬᠡ ᠮᠥᠩᠭᠦ ᠶᠢ ᠨᠢ ᠪᠤᠴᠠᠭᠠᠵᠤ ᠥᠭᠬᠦ ᠥᠬᠡᠶ ᠪᠠᠶᠢᠳᠠᠯ ᠲᠣᠬᠢᠶᠠᠯᠳᠤᠪᠠᠯ᠂ ᠦᠷᠭᠦᠯᠵᠢᠯᠡᠨ ᠲᠠᠩᠰᠠ ᠰᠢᠯᠵᠢᠭᠦᠯᠵᠦ ᠪᠣᠯᠬᠤ ᠥᠬᠡᠶ᠂ ᠳᠠᠷᠤᠶ ᠲᠦᠷᠭᠡᠨ ᠲᠦᠭᠰᠢᠭᠦᠷᠢ ᠮᠡᠳᠡᠭᠦᠯᠵᠦ᠂ ᠨᠥᠭᠦᠭᠡ ᠡᠲᠡᠭᠡᠳ ᠤᠨ ᠢᠶᠠᠨ ᠵᠣᠭᠤᠭᠳᠠᠬᠤ ᠵᠥᠭᠡᠯᠡᠨ ᠲᠣᠨᠤᠭ ᠤᠨ ᠲᠠᠩᠰᠠᠨ ᠨᠣᠮᠧᠷ᠂ APP ᠶᠢ ᠪᠠᠭᠤᠯᠭᠠᠨ ᠠᠪᠤᠭᠰᠠᠨ ᠪᠣᠭᠤᠳᠠᠯ ᠤᠭᠰᠠᠷᠠᠬᠤ ᠬᠠᠶ᠋ᠢᠭ᠂ ᠶᠠᠯ᠎ᠠ ᠬᠢᠭᠰᠡᠨ ᠰᠡᠵᠢᠭᠳᠡᠨ ᠤ ᠵᠣᠭᠤᠰ ᠪᠤᠴᠠᠭᠠᠬᠤ ᠲᠠᠩᠰᠠᠨ ᠨᠣᠮᠧᠷ᠂ ᠪᠠᠩᠬᠢ ᠶᠢᠨ ᠺᠠᠷᠲ ᠵᠡᠷᠭᠡ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠤᠭ ᠤᠨ ᠣᠬᠤᠷ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠭᠤᠭᠴᠤᠭ᠎ᠠ ᠶᠢᠨ ᠲᠠᠩᠰᠠᠨ ᠨᠣᠮᠧᠷ᠂ ᠺᠠᠷᠲ ᠤᠨ ᠨᠣᠮᠧᠷ ᠲᠤ ᠴᠢᠭᠯᠡᠭᠦᠯᠦᠨ ᠰᠢᠢᠳᠪᠦᠷᠢᠯᠡᠵᠦ᠂ ᠬᠤᠬᠢᠷᠠᠯ ᠠᠮᠰᠠᠭᠴᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠡᠭᠡᠭᠦᠯᠦᠨ ᠠᠪᠴᠢᠷᠠᠵᠤ᠂ ᠬᠡᠷᠡᠭ ᠢ ᠡᠷᠲᠡᠬᠡᠨ ᠢᠯᠡᠷᠡᠭᠦᠯᠦᠨ᠎ᠡ᠃      ᠵᠣᠴᠢᠳ ᠤᠨ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠭᠰᠠᠨ ᠮᠡᠬᠡᠯᠡᠯ      ᠮᠡᠬᠡᠯᠡᠭᠴᠢ ᠨᠢ ᠬᠤᠬᠢᠷᠠᠯ ᠠᠮᠰᠠᠭᠴᠢ ᠲᠠᠢ ᠬᠠᠷᠢᠯᠴᠠᠬᠤ ᠳᠤ ᠪᠠᠨ᠂ ᠲᠤᠤ ᠪᠦᠦ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ᠂ ᠰᠦᠯᠵᠢᠶᠡᠨ ᠳᠡᠭᠡᠷᠡᠬᠢ ᠳᠡᠯᠭᠡᠭᠦᠷ ᠪᠤᠶᠤ ᠲᠦᠷᠭᠡᠨ ᠬᠦᠷᠭᠡᠯᠲᠡ ᠶᠢᠨ ᠺᠣᠮᠫᠠᠨᠢ ᠶᠢᠨ ᠵᠣᠴᠢᠨ ᠡᠷᠦᠬᠡ ᠶᠢᠨ ᠦᠢᠯᠡᠴᠢᠯᠡᠭᠡ᠂ ᠠᠵᠢᠯᠲᠠᠨ ᠪᠠᠶᠢᠵᠤ᠂ ᠬᠤᠬᠢᠷᠠᠯ ᠠᠮᠰᠠᠭᠴᠢ ᠶᠢᠨ ᠬᠤᠪᠢ ᠬᠥᠮᠦᠨ ᠤ ᠵᠠᠬᠢᠶᠠᠯᠠᠭ᠎ᠠ ᠶᠢᠨ ᠮᠡᠳᠡᠭᠡ ᠵᠠᠩᠭᠢ ᠶᠢ ᠨᠠᠷᠢᠨ ᠲᠣᠳᠣᠷᠬᠠᠶ ᠮᠡᠳᠡᠭᠦᠯᠵᠦ᠂ ᠵᠠᠬᠢᠶᠠᠯᠠᠭ᠎ᠠ ᠨᠢ ᠬᠦᠴᠦᠨ ᠥᠬᠡᠶ᠂ ᠲᠠᠸᠠᠷ ᠤᠨ ᠶᠠᠰᠤ ᠴᠢᠨᠠᠷ ᠨᠢ ᠠᠰᠠᠭᠤᠳᠠᠯ ᠲᠠᠢ ᠪᠤᠶᠤ ᠲᠦᠷᠭᠡᠨ ᠬᠦᠷᠭᠡᠯᠲᠡ ᠪᠠᠨ ᠭᠡᠭᠡᠭᠰᠡᠨ ᠭᠡᠵᠦ ᠬᠤᠳᠠᠯ ᠬᠡᠯᠡᠵᠦ᠂ ᠳᠠᠷᠠᠭ᠎ᠠ ᠨᠢ ᠬᠤᠬᠢᠷᠠᠯ ᠠᠮᠰᠠᠭᠴᠢ ᠶᠢ ᠥᠳᠥᠭᠡᠨ ᠬᠤᠳᠠᠯ ᠬᠠᠭᠤᠷᠮᠠᠭ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠥᠭᠡᠰᠢ ᠲᠠᠯᠪᠢᠬᠤ ᠰᠦᠯᠵᠢᠶ᠎ᠡ ᠪᠤᠶᠤ ᠬᠤᠶᠠᠷ ᠬᠡᠮᠵᠢᠯᠳᠦ ᠺᠣᠳ᠋ ᠰᠢᠷᠪᠢᠬᠦ ᠵᠡᠷᠭᠡ ᠪᠠᠷ ᠳᠠᠮᠵᠢᠭᠤᠯᠤᠨ᠂ ᠡᠴᠦᠰ ᠲᠤ ᠪᠠᠨ ᠵᠣᠭᠤᠰ ᠢ ᠥᠪᠡᠷ ᠤᠨ ᠲᠠᠩᠰᠠᠨ ᠡᠷᠦᠬᠡ ᠳᠤ ᠪᠠᠨ ᠣᠷᠤᠭᠤᠯᠤᠨ᠎ᠠ᠃ ᠮᠡᠬᠡᠯᠡᠯ ᠤᠨ ᠶᠠᠷᠢᠯᠴᠠᠭᠠᠨ ᠤ ᠪᠡᠯᠡᠳᠭᠡᠯ ᠮᠡᠭᠡ ᠶᠢᠨ ᠳᠡᠪᠲᠡᠷ ᠲᠤ ᠡᠬᠡ ᠨᠢᠯᠬᠠᠰ ᠤᠨ ᠲᠥᠷᠥᠯ᠂ ᠭᠤᠶᠣᠯᠠᠯ ᠤᠨ ᠡᠳ᠋᠂ ᠱᠠᠬᠠᠶ ᠪᠣᠭᠴᠣ ᠵᠡᠷᠭᠡ ᠪᠦᠲᠦᠭᠡᠭᠳᠡᠬᠦᠨ ᠢᠶᠠᠷ ᠭᠤᠤᠯ ᠪᠣᠯᠭᠠᠵᠤ᠂ ᠬᠤᠤᠷ ᠠᠮᠰᠠᠭᠰᠠᠨ ᠡᠲᠡᠭᠡᠳ ᠤᠨ ᠣᠯᠠᠩᠬᠢ ᠨᠢ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠤᠭᠰᠠᠨ ᠥᠩᠭᠡᠷᠡᠯᠲᠡ ᠲᠠᠢ ᠡᠮᠡᠭᠲᠡᠶᠢᠴᠦᠳ ᠪᠠᠶᠢᠳᠠᠭ᠃ ᠣᠳᠣᠬᠠᠨ ᠳᠤ᠂ ᠲᠤᠤ ᠪᠦᠦ ᠬᠤᠳᠠᠯᠳᠤᠭᠠᠴᠢᠨ ᠤ ᠦᠢᠯᠡᠴᠢᠯᠡᠭᠡ ᠪᠠᠷ ᠣᠪᠯᠠᠵᠤ ᠮᠡᠬᠡᠯᠡᠭᠰᠡᠨ ᠬᠡᠷᠡᠭ ᠣᠯᠠᠨ ᠪᠠᠶᠢᠵᠤ᠂  ᠳᠠᠷᠠᠭ᠎ᠠ ᠳᠤᠨᠢ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠲᠥᠷᠥᠯ ᠤᠨ ᠺᠣᠮᠫᠠᠨᠢ ᠶᠢᠨ ᠦᠢᠯᠡᠴᠢᠯᠡᠭᠡ ᠪᠠᠷ ᠣᠪᠯᠠᠵᠤ ᠮᠡᠬᠡᠯᠡᠭᠰᠡᠨ ᠬᠡᠷᠡᠭ ᠪᠣᠯᠤᠨ᠎ᠠ᠃      ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠥᠪᠡᠷ ᠢ ᠪᠠᠨ ᠦᠢᠯᠡᠴᠢᠯᠡᠭᠴᠢ ᠪᠤᠶᠤ ᠠᠵᠢᠯᠲᠠᠨ ᠭᠡᠳᠡᠭ ᠤᠲᠠᠰᠤ ᠪᠤᠶᠤ ᠣᠬᠤᠷ ᠮᠡᠳᠡᠭᠡ ᠳᠤ ᠲᠣᠬᠢᠶᠠᠯᠳᠤᠵᠤ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠳᠤ ᠶᠠᠰᠤ ᠴᠢᠨᠠᠷ ᠤᠨ ᠠᠰᠠᠭᠤᠳᠠᠯ᠂ ᠵᠠᠬᠢᠶᠠᠯᠠᠭ᠎ᠠ ᠶᠢᠨ ᠬᠠᠭᠤᠳᠠᠰᠤ ᠪᠤᠷᠤᠭᠤ ᠭᠠᠷᠤᠭᠰᠠᠨ ᠢ ᠲᠤᠰᠬᠠᠵᠤ᠂ ᠵᠣᠭᠤᠰ ᠪᠤᠴᠠᠭᠠᠭᠰᠠᠨ ᠨᠥᠬᠦᠪᠥᠷᠢ ᠠᠪᠬᠤ ᠪᠠᠷ ᠱᠠᠭᠠᠷᠳᠠᠬᠤ ᠦᠶ᠎ᠡ ᠳᠤ᠂ ᠠᠯᠪᠠᠨ ᠰᠦᠯᠵᠢᠶ᠎ᠡ ᠠᠴᠠ ᠠᠷᠠᠯᠵᠢᠶᠠᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠤᠶᠤ ᠠᠯᠪᠠᠨ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠠᠯᠪᠠᠨ ᠲᠠᠯ᠎ᠠ ᠶᠢᠨ ᠤᠲᠠᠰᠤ ᠶᠢ ᠬᠢᠨᠠᠨ ᠬᠠᠷᠭᠤᠭᠤᠯᠤᠭᠠᠷᠠᠶ︔ ᠳᠡᠯᠭᠡᠭᠦᠷ ᠤᠨ ᠬᠠᠩᠭᠠᠭᠰᠠᠨ ᠰᠦᠯᠵᠢᠶᠡᠨ ᠬᠠᠶ᠋ᠢᠭ ᠢ ᠠᠮᠠᠷᠬᠠᠨ ᠳᠠᠷᠤᠵᠤ ᠪᠣᠯᠬᠤ ᠥᠬᠡᠶ᠂ ᠠᠯᠪᠠᠨ ᠤ ᠲᠠᠯ᠎ᠠ ᠶᠢᠨ QQ ᠨᠣᠮᠧᠷ᠂ ᠸᠢᠴᠠᠲ ᠤᠨ ᠨᠣᠮᠧᠷ ᠪᠠ ᠸᠢᠴᠠᠲ ᠤᠨ ᠨᠡᠶᠢᠲᠡ ᠶᠢᠨ ᠳ᠋ᠤᠭᠠᠷ ᠢ ᠰᠣᠬᠤᠷ ᠪᠠᠯᠠᠶ ᠪᠠᠷ ᠨᠡᠮᠡᠵᠦ ᠪᠣᠯᠬᠤ ᠥᠬᠡᠶ︔ ᠶᠠᠮᠠᠷᠪᠠ ᠪᠠᠷᠠᠭ᠎ᠠ ᠬᠤᠳᠠᠯᠳᠤᠨ ᠠᠪᠬᠤ ᠰᠦᠯᠵᠢᠶ᠎ᠡ ᠪᠤᠶᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠺᠣᠮᠫᠠᠨᠢ ᠨᠢ ᠬᠡᠷᠡᠭᠯᠡᠭᠴᠢ ᠶᠢ ᠬᠤᠪᠢ ᠬᠥᠮᠦᠨ ᠤ ᠪᠠᠩᠬᠢ ᠶᠢᠨ ᠲᠠᠩᠰᠠᠨ ᠨᠣᠮᠧᠷ᠂ ᠨᠢᠭᠤᠴᠠ ᠨᠣᠮᠧᠷ᠂ ᠲᠠᠩᠰᠠ ᠰᠢᠯᠵᠢᠭᠦᠯᠵᠦ ᠰᠢᠯᠭᠠᠨ ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ ᠬᠠᠩᠭᠠᠯᠭᠠᠬᠤ ᠪᠠᠷ ᠱᠠᠭᠠᠷᠳᠠᠬᠤ ᠥᠬᠡᠶ ᠪᠠᠶᠢᠬᠤ ᠶᠢ ᠪᠠᠲᠤ ᠴᠡᠭᠡᠵᠢᠯᠡᠬᠦ ᠬᠡᠷᠡᠭᠲᠡᠶ︔ ᠮᠡᠬᠡᠯᠡᠭᠳᠡᠭᠰᠡᠨ ᠢᠶᠠᠨ ᠣᠯᠵᠤ ᠮᠡᠳᠡᠮᠡᠭᠴᠡ ᠲᠡᠷᠡ ᠳᠠᠷᠤᠶ ᠳᠤᠨᠢ ᠲᠦᠭᠰᠢᠭᠦᠷᠢ ᠮᠡᠳᠡᠭᠦᠯᠬᠦ ᠶᠢᠨ ᠬᠠᠮᠲᠤ ᠡᠯᠧᠺᠲᠷᠣᠨ ᠵᠠᠬᠢᠶᠠᠯᠠᠭ᠎ᠠ ᠶᠢᠨ ᠬᠠᠭᠤᠳᠠᠰᠤ᠂ ᠵᠣᠭᠤᠭᠳᠠᠬᠤ ᠪᠠᠭᠠᠵᠢ ᠲᠠᠩᠰᠠᠨ ᠡᠷᠦᠬᠡ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠪᠣᠳᠠᠰ ᠤᠨ ᠭᠡᠷᠡᠴᠢ ᠪᠤᠶᠤ ᠡᠯᠧᠺᠲᠷᠣᠨ ᠭᠡᠷᠡᠴᠢ ᠪᠠᠷᠢᠮᠲᠠ ᠶᠢ ᠰᠠᠶᠢᠲᠤᠷ ᠬᠠᠳᠠᠭᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠥᠷᠨᠢᠭᠦᠯᠬᠦ ᠳᠤ ᠲᠥᠬᠦᠮ ᠦᠵᠡᠭᠦᠯᠦᠨ᠎ᠡ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ