ᠡᠯᠡᠰᠦᠨ ᠰᠢᠭᠤᠷᠭ᠎ᠠ᠂ ᠶᠡᠭᠡ ᠰᠠᠯᠬᠢᠨ ᠤ ᠴᠠᠭ ᠠᠭᠤᠷ ᠲᠤ ᠠᠮᠤᠷ ᠲᠦᠪᠰᠢᠨ ᠢᠶᠠᠷ ᠭᠠᠳᠠᠭᠰᠢ ᠭᠠᠷᠬᠤ ᠰᠠᠨᠠᠭᠤᠯᠤᠮᠵᠢ
ᠨᠡᠶᠢᠲᠡᠯᠡᠭᠰᠡᠨ ᠴᠠᠭ᠄
2021/5/12
         ᠡᠯᠡᠰᠦᠨ ᠰᠢᠭᠤᠷᠭ᠎ᠠ᠂ ᠶᠡᠭᠡ ᠰᠠᠯᠬᠢᠨ ᠤ ᠴᠠᠭ ᠠᠭᠤᠷ ᠲᠤ          ᠠᠮᠤᠷ ᠲᠦᠪᠰᠢᠨ ᠢᠶᠠᠷ ᠭᠠᠳᠠᠭᠰᠢ ᠭᠠᠷᠬᠤ ᠰᠠᠨᠠᠭᠤᠯᠤᠮᠵᠢ              ᠶᠡᠭᠡ ᠰᠠᠯᠬᠢ᠂ ᠡᠯᠡᠰᠦᠨ ᠰᠢᠭᠤᠷᠭ᠎ᠠ ᠨᠢ ᠬᠥᠮᠦᠰ ᠤᠨ ᠡᠳᠦᠷ ᠲᠤᠲᠤᠮ ᠤᠨ ᠶᠠᠪᠤᠵᠤ ᠰᠠᠭᠤᠬᠤ ᠶᠢ ᠬᠦᠨᠳᠦ ᠨᠣᠴᠢᠲᠠᠶ ᠨᠥᠯᠥᠭᠡᠯᠡᠨ᠎ᠡ᠃ ᠡᠶᠢᠮᠦ ᠮᠠᠭᠤᠬᠠᠶ ᠴᠠᠭ ᠠᠭᠤᠷ ᠤᠨ ᠪᠠᠶᠢᠳᠠᠯ ᠳᠤᠤᠷ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠯᠠᠨ ᠨᠡᠶᠢᠲᠡ ᠶᠢ ᠬᠠᠰᠢᠯᠠ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠰᠣᠩᠭᠤᠵᠤ ᠭᠠᠳᠠᠭᠰᠢ ᠭᠠᠷᠬᠤ ᠶᠢ ᠰᠠᠨᠠᠭᠤᠯᠵᠤ ᠪᠠᠶᠢᠨ᠎ᠠ᠃ ᠥᠪᠡᠷ ᠢᠶᠠᠨ ᠲᠡᠷᠭᠡ ᠵᠢᠯᠣᠭᠤᠳᠴᠤ ᠭᠠᠳᠠᠭᠰᠢ ᠭᠠᠷᠬᠤ ᠦᠨᠡᠨ ᠬᠦ ᠴᠢᠬᠤᠯᠠ ᠲᠠᠢ ᠪᠣᠯ ᠳᠣᠣᠷᠠᠬᠢ ᠴᠢᠬᠤᠯᠠ ᠵᠦᠢᠯ ᠤᠳ ᠢ ᠪᠠᠲᠤ ᠴᠡᠭᠡᠵᠢᠯᠡᠬᠦ ᠬᠡᠷᠡᠭᠲᠡᠶ᠃      ᠡᠯᠡᠰᠦᠨ ᠰᠢᠭᠤᠷᠭ᠎ᠠ ᠲᠠᠢ ᠡᠳᠦᠷ ᠭᠠᠳᠠᠭᠰᠢ ᠭᠠᠷᠬᠤ ᠳᠤ —      ᠲᠡᠷᠭᠡᠨ ᠤ ᠴᠣᠩᠬᠤ ᠶᠢ ᠬᠠᠭᠠᠵᠤ᠂ ᠠᠭᠠᠷ ᠲᠣᠬᠢᠷᠠᠭᠤᠯᠤᠭᠴᠢ ᠶᠢ ᠥᠭᠡᠷᠡᠴᠢᠯᠡᠵᠦ ᠳᠣᠲᠣᠷ᠎ᠠ ᠡᠷᠭᠢᠯᠲᠡ ᠬᠢᠨ᠎ᠡ᠃ ᠲᠡᠷᠭᠡᠨ ᠤ ᠴᠣᠩᠬᠤᠨ ᠰᠢᠯ ᠢ ᠴᠢᠩᠭ᠎ᠠ ᠬᠠᠭᠠᠵᠤ᠂ ᠡᠯᠡᠰᠦᠨ ᠲᠣᠭᠤᠰᠣ ᠲᠡᠷᠭᠡᠨ ᠳᠣᠲᠣᠷ᠎ᠠ ᠣᠷᠤᠵᠤ᠂ ᠵᠢᠯᠣᠭᠤᠴᠢ ᠶᠢᠨ ᠬᠠᠷᠠᠭ᠎ᠠ ᠶᠢ ᠨᠦᠯᠦᠭᠡᠯᠡᠬᠦ ᠶᠢ ᠰᠡᠷᠭᠡᠶᠢᠯᠡᠨ᠎ᠡ᠃ ᠬᠡᠪ ᠤᠨ ᠪᠠᠶᠢᠳᠠᠯ ᠳᠤᠤᠷ᠎ᠠ ᠠᠭᠠᠷ ᠳᠣᠲᠣᠷᠠᠬᠢ ᠲᠣᠭᠤᠰᠣ ᠰᠢᠷᠣᠶ ᠶᠢᠨ ᠠᠭᠤᠯᠤᠭᠳᠠᠴᠠ ᠨᠢ ᠲᠡᠶᠢᠮᠦ ᠥᠨᠳᠥᠷ ᠪᠢᠰᠢ᠂ ᠭᠠᠳᠠᠷ ᠡᠷᠭᠢᠯᠲᠡ ᠨᠢ ᠲᠡᠷᠭᠡᠨ ᠳᠣᠲᠣᠷᠠᠬᠢ ᠠᠭᠠᠷ ᠢ ᠨᠠᠩ ᠰᠢᠨ᠎ᠡ ᠰᠣᠷᠭᠤᠭ  ᠪᠣᠯᠭᠠᠳᠠᠭ᠃ ᠭᠡᠪᠡᠴᠦ ᠡᠯᠡᠰᠦᠨ ᠰᠢᠭᠤᠷᠭ᠎ᠠ ᠳᠤᠮᠳᠠ᠂ ᠠᠭᠠᠷ ᠲᠣᠬᠢᠷᠠᠭᠤᠯᠤᠭᠴᠢ ᠶᠢ ᠳᠣᠲᠣᠭᠠᠳᠤ ᠡᠷᠭᠢᠯᠲᠡ ᠪᠣᠯᠭᠠᠨ ᠥᠭᠡᠷᠡᠴᠢᠯᠡᠬᠦ ᠬᠡᠷᠡᠭᠲᠡᠶ᠂ ᠡᠰᠡ ᠲᠡᠭᠡᠪᠡᠯ ᠲᠣᠭᠤᠰᠣ ᠲᠤᠩᠭᠠᠬᠤ ᠮᠠᠰᠢᠨ ᠤ ᠲᠣᠰ ᠪᠡᠶ᠎ᠡ ᠨᠢ ᠠᠮᠠᠷᠬᠠᠨ ᠡᠪᠳᠡᠭᠳᠡᠬᠦ ᠪᠤᠶᠤ ᠰᠢᠭᠦᠷᠡᠯᠲᠡ ᠨᠢ ᠮᠠᠭᠤ ᠪᠣᠯᠤᠨ᠎ᠠ᠃      ᠲᠡᠷᠭᠡᠨ ᠳ᠋ᠧᠩ ᠤᠨ ᠬᠡᠷᠡᠭᠯᠡᠯᠲᠡ ᠶᠢ ᠠᠩᠬᠠᠷ᠃ ᠡᠯᠡᠰᠦᠨ ᠰᠢᠭᠤᠷᠭ᠎ᠠ ᠲᠠᠢ ᠴᠠᠭ ᠠᠭᠤᠷ ᠲᠤ ᠲᠡᠷᠭᠡ ᠵᠢᠯᠣᠭᠤᠳᠴᠤ᠂ ᠲᠡᠷᠭᠡᠨ ᠴᠣᠩᠬᠤᠨ ᠤ ᠭᠡᠷᠡᠯ ᠨᠡᠪᠲᠡᠷᠡᠬᠦ ᠴᠢᠨᠠᠷ᠂ ᠣᠷᠴᠢᠨ ᠲᠣᠭᠤᠷᠢᠨ ᠤ ᠦᠵᠡᠭᠳᠡᠴᠡ ᠳᠣᠷᠣᠭᠰᠢᠯᠠᠬᠤ ᠳᠤ᠂ ᠵᠠᠪᠠᠯ ᠳ᠋ᠧᠩ ᠠᠰᠠᠭᠠᠬᠤ ᠬᠡᠷᠡᠭᠲᠡᠢ᠃ ᠡᠯᠡᠰᠦᠨ ᠰᠢᠭᠤᠷᠭ᠎ᠠ ᠲᠠᠢ ᠡᠳᠦᠷ ᠥᠷᠭᠡᠨ ᠳ᠋ᠧᠩ᠂ ᠮᠡᠨᠡᠠ ᠳ᠋ᠧᠩ᠂ ᠰᠡᠬᠦᠯ ᠤᠨ ᠳ᠋ᠧᠩ ᠢ ᠠᠰᠠᠭᠠᠵᠤ᠂ ᠲᠡᠷᠭᠡᠨ ᠤ ᠲᠤᠰ ᠪᠡᠶ᠎ᠡ ᠶᠢᠨ ᠢᠯᠭᠠᠨ ᠲᠠᠨᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠡᠷᠭᠡᠨ ᠤ ᠬᠤᠷᠳᠤᠴᠠ ᠶᠢ ᠪᠠᠭᠤᠷᠠᠭᠤᠯᠤᠨ᠂ ᠲᠡᠷᠭᠡᠨ ᠤ ᠪᠦᠷᠢᠶ᠎ᠡ ᠶᠢ ᠢᠯᠡᠭᠦᠦ ᠳᠤᠤᠭᠠᠷᠭᠠᠵᠤ᠂ ᠲᠡᠷᠭᠡᠨ ᠤ ᠡᠮᠦᠨ᠎ᠡ ᠬᠤᠶᠢᠨᠠᠬᠢ ᠶᠢ ᠰᠡᠷᠡᠮᠵᠢᠯᠡᠭᠦᠯᠳᠡᠭ᠃      ᠲᠡᠷᠭᠡ ᠶᠢ ᠰᠡᠭᠦᠯᠳᠡᠨ ᠳᠠᠭᠠᠬᠤ ᠦᠭᠡᠢ ᠮᠥᠷᠳᠡᠭᠡᠨ ᠠᠷᠤ ᠶᠢᠨ ᠲᠡᠷᠭᠡ ᠶᠢ ᠠᠩᠬᠠᠷ᠃ ᠪᠣᠰᠣᠳ ᠲᠡᠷᠭᠡ ᠶᠢ ᠳᠡᠩᠳᠡᠭᠦᠦ ᠣᠶᠢᠷᠬᠠᠨ ᠰᠡᠭᠦᠯᠳᠡᠨ ᠳᠠᠭᠠᠬᠤ ᠦᠭᠡᠢ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠤᠰᠬᠠᠯ ᠭᠠᠷᠭᠠᠬᠤ ᠴᠠᠭ ᠬᠤᠭᠤᠴᠠᠭ᠎ᠠ ᠶᠢ ᠦᠯᠡᠳᠡᠭᠡᠬᠦ ᠬᠡᠷᠡᠭᠳᠡᠢ᠂ ᠢᠯᠠᠩᠭᠤᠶ᠎ᠠ ᠶᠡᠭᠡ ᠲᠡᠷᠭᠡᠨ ᠤ ᠣᠶᠢᠷ᠎ᠠ ᠬᠠᠪᠢ ᠳᠤ ᠤᠷᠲᠤ ᠬᠤᠭᠤᠴᠠᠭ᠎ᠠ ᠪᠠᠷ ᠳᠠᠭᠠᠵᠤ᠂ ᠬᠡᠲᠦᠷᠡᠲᠡᠯ᠎ᠡ ᠠᠴᠢᠶᠠᠯᠠᠭᠰᠠᠨ ᠲᠡᠷᠭᠡ ᠡᠵᠡᠮᠳᠡᠯ ᠢᠶᠠᠨ ᠠᠯᠳᠠᠬᠤ ᠪᠤᠶᠤ ᠲᠡᠷᠭᠡᠨ ᠳᠡᠭᠡᠷᠡᠬᠢ ᠪᠠᠷᠠᠭ᠎ᠠ ᠤᠨᠠᠬᠤ ᠠᠴᠠ ᠵᠠᠶᠢᠯᠠᠰᠬᠢᠵᠦ᠂ ᠲᠦᠢᠯ ᠤᠨ ᠬᠢᠯᠪᠠᠷᠬᠠᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠪᠠᠰᠠ ᠬᠡᠰᠡᠭ ᠬᠤᠭᠤᠴᠠᠭ᠎ᠠ ᠠᠯᠤᠰᠯᠠᠬᠤ ᠪᠦᠷᠢ ᠠᠷᠤ ᠬᠠᠷᠠᠭᠠᠨ ᠰᠢᠯ ᠢᠶᠠᠷ ᠠᠷᠤ ᠶᠢᠨ ᠲᠡᠷᠭᠡᠨ ᠤ ᠪᠠᠶᠢᠳᠠᠯ ᠢ ᠠᠵᠢᠭᠯᠠᠨ᠎ᠠ᠃ ᠬᠡᠷᠪᠡ ᠳᠡᠭᠡᠳᠦ ᠬᠤᠷᠳᠤᠴᠠ ᠪᠠᠷ ᠶᠠᠪᠤᠭᠤᠯᠬᠤ ᠳᠤ ᠭᠦᠷᠪᠡᠯ᠂ ᠬᠠᠮᠤᠭ ᠤᠨ ᠳᠣᠲᠣᠷ ᠲᠠᠯ᠎ᠠ ᠶᠢᠨ ᠲᠡᠷᠭᠡᠨ ᠵᠠᠮ ᠠᠴᠠ ᠵᠠᠶᠢᠯᠠᠵᠤ᠂ ᠠᠯᠢ ᠴᠢᠳᠠᠬᠤ ᠪᠠᠷ ᠳᠤᠮᠳᠠᠬᠢ ᠲᠡᠷᠭᠡᠨ ᠵᠠᠮ ᠢᠶᠠᠷ ᠶᠠᠪᠤᠵᠤ᠂ ᠵᠠᠪᠰᠠᠷ ᠤᠨ ᠨᠠᠮᠬᠠᠳᠬᠠᠯ ᠲᠤᠰᠠᠭᠠᠷᠯᠠᠬᠤ ᠪᠦᠰᠡ ᠶᠢᠨ ᠱᠣᠩ ᠵᠡᠷᠭᠡ ᠶᠡᠭᠡ ᠰᠠᠯᠬᠢᠨ ᠳᠤ ᠦᠯᠢᠶᠡᠭᠳᠡᠨ ᠤᠨᠠᠵᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃      ᠲᠡᠷᠭᠡᠨ ᠤ ᠬᠤᠷᠳᠤᠴᠠ ᠶᠢ ᠪᠠᠭᠤᠷᠠᠭᠤᠯᠵᠤ ᠶᠠᠪᠠᠭᠠᠨ ᠬᠥᠮᠦᠨ ᠢ ᠠᠩᠬᠠᠷ᠃ ᠶᠡᠭᠡ ᠰᠠᠯᠬᠢᠨ ᠲᠠᠢ ᠡᠳᠦᠷ᠂ ᠵᠠᠷᠢᠮ ᠶᠠᠪᠠᠭᠠᠨ ᠬᠥᠮᠦᠨ ᠱᠠ ᠠᠯᠴᠢᠭᠤᠷ ᠢᠶᠠᠷ ᠨᠢᠭᠤᠷ ᠢᠶᠠᠨ ᠪᠦᠲᠡᠭᠡᠬᠦ ᠪᠤᠶᠤ ᠰᠢᠭᠤᠳ ᠮᠠᠯᠠᠭᠠᠶ ᠪᠠᠨ ᠨᠡᠪᠲᠡ ᠳᠠᠷᠤᠵᠤ᠂ ᠬᠠᠷᠠᠭ᠎ᠠ ᠨᠢ ᠵᠣᠬᠢᠬᠤ ᠬᠡᠮᠵᠢᠶ᠎ᠡ ᠪᠠᠷ ᠬᠢᠵᠠᠭᠠᠷᠯᠠᠭᠳᠠᠵᠤ᠂ ᠤᠷᠤᠭᠰᠢᠯᠠᠬᠤ ᠠᠴᠠ ᠪᠢᠰᠢ ᠮᠠᠰᠢᠨ ᠲᠡᠷᠭᠡ ᠶᠢ ᠬᠠᠮᠢᠶᠠᠷᠬᠤ ᠦᠭᠡᠶ ᠪᠠᠶᠢᠳᠠᠭ᠃ ᠵᠢᠯᠣᠭᠤᠴᠢ ᠤᠷᠢᠳᠴᠢᠯᠠᠨ ᠬᠤᠷᠳᠤᠴᠠ ᠪᠠᠨ ᠪᠠᠭᠠᠰᠬᠠᠵᠤ᠂ ᠪᠦᠷᠢᠶ᠎ᠡ ᠲᠤᠤᠭᠠᠷᠭᠠᠨ ᠢᠯᠡᠭᠦᠦ ᠰᠠᠨᠠᠭᠤᠯᠵᠤ᠂ ᠪᠣᠯᠭᠤᠮᠵᠢᠲᠠᠶ ᠵᠠᠶᠢᠯᠠᠵᠤ᠂ ᠴᠠᠭ ᠲᠤᠬᠠᠶ ᠳᠤ ᠨᠢ ᠲᠡᠷᠭᠡ ᠵᠣᠭᠰᠣᠬᠤ ᠪᠡᠯᠡᠳᠬᠡᠯ ᠬᠢᠬᠦ ᠬᠡᠷᠡᠭᠲᠡᠶ᠃      ᠲᠡᠷᠭᠡ ᠵᠣᠭᠰᠣᠬᠤ ᠦᠶᠡᠰ᠂ ᠨᠠᠷᠠᠪᠴᠢ ᠪᠠ ᠵᠠᠷ ᠤᠨ ᠫᠠᠶᠢᠰᠠ ᠠᠴᠠ ᠬᠤᠯᠠ ᠪᠠᠶᠢᠬᠤ᠃ ᠰᠠᠯᠬᠢ ᠰᠢᠭᠤᠷᠭ᠎ᠠ ᠲᠠᠢ ᠡᠳᠦᠷ᠂ ᠲᠡᠷᠭᠡ ᠬᠥᠰᠬᠡ ᠨᠦᠭᠦᠳ ᠵᠠᠮ ᠳᠡᠭᠡᠷ᠎ᠡ ᠰᠠᠯᠬᠢᠨ ᠤ ᠲᠡᠭᠡᠷ᠎ᠡ ᠲᠠᠯ᠎ᠠ ᠳᠤ ᠵᠣᠭᠰᠣᠵᠤ᠂ ᠲᠡᠷᠭᠡᠨ ᠤ ᠲᠣᠯᠣᠭᠠᠶ ᠪᠠᠨ ᠰᠠᠯᠬᠢ ᠤᠷᠤᠭᠤ ᠬᠠᠨᠳᠤᠭᠤᠯᠵᠤ᠂ ᠵᠢᠵᠢᠭ ᠡᠯᠡᠰᠦᠨ ᠮᠥᠬᠦᠯᠢᠭ ᠬᠥᠳᠡᠯᠭᠡᠭᠦᠷ ᠤᠨ ᠬᠡᠶ ᠶᠢᠨ ᠭᠠᠩ ᠳᠤ ᠰᠣᠷᠣᠭᠳᠠᠨ ᠣᠷᠣᠭᠠᠳ ᠮᠠᠰᠢᠨ ᠲᠣᠨᠤᠭ ᠤᠨ ᠡᠯᠡᠭᠳᠡᠯ ᠢ ᠲᠦᠷᠭᠡᠳᠬᠡᠬᠦ ᠠᠴᠠ ᠰᠡᠷᠭᠡᠶᠢᠯᠡᠬᠦ ᠬᠡᠷᠡᠭᠲᠡᠶ᠃ ᠥᠨᠳᠥᠷ ᠳᠡᠭᠡᠷ᠎ᠡ ᠠᠴᠠ ᠶᠠᠭᠤᠮ᠎ᠠ ᠤᠨᠠᠵᠤ ᠲᠡᠷᠭᠡ ᠶᠢ ᠴᠣᠬᠢᠵᠤ ᠰᠢᠷᠬᠠᠲᠤᠭᠤᠯᠬᠤ ᠠᠴᠠ ᠵᠠᠶᠢᠯᠠᠰᠬᠢᠨ᠎ᠡ᠃ ᠬᠤᠪᠠᠭ᠋ᠠᠶ ᠮᠣᠳᠣ᠂ ᠠᠶᠤᠯ ᠲᠠᠢ ᠭᠠᠵᠠᠷ ᠤᠨ ᠬᠥᠪᠡᠭᠡ ᠵᠠᠬ᠎ᠠ᠂ ᠬᠡᠷᠡᠰᠬᠡ ᠶᠢᠨ ᠡᠭᠦᠳᠡᠨ ᠡᠮᠦᠨ᠎ᠡ ᠵᠡᠷᠭᠡ ᠳᠤ ᠪᠢᠳᠡᠭᠡᠢ ᠵᠣᠭᠰᠣᠭᠠᠷᠠᠶ᠃ ᠨᠠᠩ ᠴᠤ ᠵᠠᠷ ᠤᠨ ᠫᠠᠶᠢᠰᠠ᠂ ᠨᠠᠷᠠᠪᠴᠢ ᠪᠠ ᠴᠣᠩᠬᠤ ᠠᠴᠠ ᠬᠤᠯᠠ ᠪᠠᠶᠢᠬᠤ ᠬᠡᠷᠡᠭᠲᠡᠶ᠃            ᠶᠡᠭᠡ ᠰᠠᠯᠬᠢ ᠲᠠᠢ ᠡᠳᠦᠷ ᠭᠠᠳᠠᠭᠰᠢ ᠭᠠᠷᠬᠤ ᠳᠤ —      ᠬᠤᠲᠠ ᠶᠢᠨ ᠵᠠᠮ ᠳᠤ ᠵᠢᠯᠣᠭᠤᠴᠢ ᠶᠢᠨ ᠠᠩᠬᠠᠷᠬᠤ ᠵᠦᠢᠯ᠄      1. ᠶᠡᠭᠡ ᠰᠠᠯᠬᠢ ᠶᠠᠪᠠᠭᠠᠨ ᠬᠥᠮᠦᠨ᠂ ᠮᠠᠰᠢᠨᠲᠤ ᠪᠤᠰᠤ ᠲᠡᠷᠭᠡ ᠶᠢ ᠮᠠᠰᠢᠨ ᠲᠡᠷᠭᠡᠨ ᠤ ᠵᠠᠮ ᠵᠦᠭ ᠬᠡᠶᠢᠰᠭᠡᠵᠦ ᠮᠡᠳᠡᠨ᠎ᠡ᠂ ᠵᠠᠪᠠᠯ ᠪᠣᠯᠭᠤᠮᠵᠢᠲᠠᠶ ᠵᠢᠯᠣᠭᠤᠳᠬᠤ ᠬᠡᠷᠡᠭᠲᠡᠶ︕      2. ᠰᠠᠯᠬᠢ ᠬᠠᠯᠬᠠᠯᠠᠬᠤ ᠰᠢᠯ ᠥᠬᠡᠶ ᠠᠴᠠ ᠪᠣᠯᠵᠣ᠂ ᠶᠠᠪᠠᠭᠠᠨ ᠬᠥᠮᠦᠨ ᠪᠤᠶᠤ ᠮᠠᠰᠢᠨᠲᠤ ᠪᠤᠰᠤ ᠲᠡᠷᠭᠡ ᠤᠨᠤᠵᠤ ᠪᠠᠶᠢᠭ᠎ᠠ ᠬᠥᠮᠦᠨ ᠰᠠᠯᠬᠢ ᠰᠢᠭᠤᠷᠭ᠎ᠠ ᠠᠴᠠ ᠪᠣᠯᠵᠣ ᠮᠠᠰᠢᠨ ᠲᠡᠷᠭᠡ ᠶᠢ ᠣᠯᠵᠤ ᠬᠠᠷᠠᠬᠤ ᠶᠢᠨ ᠠᠷᠭ᠎ᠠ ᠥᠬᠡᠶ ᠪᠠᠶᠢᠵᠤ ᠮᠡᠳᠡᠨ᠎ᠡ᠂ ᠢᠯᠠᠩᠭᠤᠶ᠎ᠠ ᠵᠠᠮ ᠣᠭᠲᠣᠯᠵᠤ ᠭᠠᠷᠬᠤ ᠦᠶ᠎ᠡ ᠳᠤ ᠪᠤᠶᠤ ᠬᠦᠮᠦᠨ ᠮᠠᠰᠢᠨ ᠬᠤᠯᠢᠯᠳᠤᠨ ᠶᠠᠪᠤᠬᠤ ᠥᠬᠡᠶ ᠪᠣᠯᠬᠤ ᠦᠶ᠎ᠡ ᠳᠤ ᠡᠷᠬᠡᠪᠰᠢ ᠠᠩᠬᠠᠷᠬᠤ ᠬᠡᠷᠡᠭᠲᠡᠶ︕      3. ᠲᠡᠷᠭᠡ ᠵᠢᠯᠣᠭᠤᠳᠬᠤ᠂ ᠲᠡᠷᠭᠡ ᠵᠣᠭᠰᠣᠭᠠᠬᠤ ᠳᠤ ᠣᠶᠢᠷ᠎ᠠ ᠬᠠᠪᠢ ᠶᠢᠨ ᠲᠣᠮᠣ ᠬᠡᠯᠪᠡᠷᠢ ᠶᠢᠨ ᠵᠠᠷ ᠤᠨ ᠫᠠᠶᠢᠰᠠ᠂ ᠪᠠᠷᠢᠯᠭ᠎ᠠ ᠶᠢᠨ ᠬᠠᠯᠬᠠᠪᠴᠢ ᠬᠠᠪᠲᠠᠰᠤ ᠵᠡᠷᠭᠡ ᠶᠢ ᠠᠩᠬᠠᠷᠬᠤ ᠬᠡᠷᠡᠭᠲᠡᠢ᠂ ᠲᠡᠷᠭᠡ ᠪᠠᠨ ᠰᠢᠷᠬᠠᠲᠤᠭᠤᠯᠬᠤ ᠠᠴᠠ ᠬᠢᠴᠢᠶᠡ᠃      ᠶᠠᠪᠠᠭᠠᠨ ᠬᠥᠮᠦᠨ ᠵᠢᠴᠢ ᠮᠠᠰᠢᠨᠲᠤ ᠪᠤᠰᠤ ᠲᠡᠷᠭᠡ ᠶᠢᠨ ᠡᠵᠡᠨ ᠤ ᠠᠩᠬᠠᠷᠬᠤ ᠵᠦᠢᠯ᠄      ᠮᠠᠭᠤ ᠠᠭᠤᠷ ᠠᠮᠢᠰᠬᠤᠯ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠰᠣᠩᠭᠤᠵᠤ ᠭᠠᠳᠠᠭᠰᠢ ᠭᠠᠷᠴᠤ᠂ ᠶᠡᠭᠡ ᠰᠠᠯᠬᠢ ᠲᠠᠢ ᠠᠭᠤᠷ ᠠᠮᠢᠰᠬᠤᠯ ᠠᠴᠠ ᠪᠣᠯᠵᠣ ᠲᠡᠭᠡᠷ᠎ᠡ ᠠᠴᠠ ᠤᠨᠠᠵᠤ ᠢᠷᠡᠬᠦ ᠪᠣᠳᠠᠰ ᠲᠤ ᠴᠤᠬᠢᠭᠳᠠᠬᠤ ᠵᠡᠷᠭᠡ ᠭᠡᠨᠡᠳᠲᠡ ᠶᠢᠨ ᠠᠳᠡᠯ ᠡᠭᠦᠰᠴᠦ ᠠᠶᠤᠯ ᠭᠠᠷᠬᠤ ᠠᠴᠠ ᠵᠠᠶᠢᠯᠠᠰᠬᠢᠨ᠎ᠡ᠃      ᠳᠡᠭᠡᠳᠦ ᠬᠤᠷᠲᠤ ᠵᠠᠰᠠᠮᠠᠯ ᠵᠠᠮ ᠢᠶᠠᠷ ᠶᠠᠪᠤᠬᠤ ᠳᠤ      ᠦᠵᠡᠯ ᠰᠠᠨᠠᠭᠠᠨ ᠤ ᠪᠡᠯᠡᠳᠬᠡᠯ ᠭᠦᠢᠴᠡᠳ ᠪᠠᠶᠢᠬᠤ ᠬᠡᠷᠡᠭᠲᠡᠢ᠄ ᠳᠡᠭᠡᠳᠦ ᠬᠤᠷᠲᠤ ᠵᠠᠰᠠᠮᠠᠯ ᠵᠠᠮ ᠤᠨ ᠨᠦᠬᠡᠨ ᠵᠠᠮ ᠤᠨ ᠠᠮᠠᠰᠠᠷ ᠪᠣᠯᠤᠨ ᠥᠨᠳᠥᠷ ᠵᠢᠶᠠᠰᠠ ᠲᠠᠢ ᠬᠥᠭᠦᠷᠭᠡᠨ ᠳᠡᠭᠡᠷ᠎ᠡ ᠬᠠᠮᠤᠭ ᠠᠮᠠᠷᠬᠠᠨ ᠬᠠᠵᠠᠭᠤ ᠴᠢᠭᠯᠡᠯ ᠤᠨ ᠰᠠᠯᠬᠢ ᠲᠣᠬᠢᠶᠠᠯᠳᠤᠨ᠎ᠠ᠂ ᠡᠶᠢᠮᠦ ᠠᠴᠠ ᠶᠡᠭᠡ ᠰᠠᠯᠬᠢ ᠲᠠᠢ ᠴᠠᠭ ᠠᠭᠤᠷ ᠲᠤ ᠠᠶᠠᠯᠠᠬᠤ ᠳᠤ ᠪᠠᠨ ᠢᠯᠡᠭᠦᠬᠡᠨ ᠬᠢᠴᠢᠶᠡᠵᠦ᠂ ᠨᠦᠬᠡᠨ ᠵᠠᠮ ᠤᠨ ᠠᠮᠠᠰᠠᠷ ᠪᠣᠯᠤᠨ ᠥᠨᠳᠥᠷ ᠵᠢᠶᠠᠰᠠ ᠲᠠᠢ ᠬᠥᠭᠦᠷᠭᠡᠨ ᠳᠡᠭᠡᠷ᠎ᠡ ᠲᠣᠬᠢᠶᠠᠯᠳᠤᠪᠠᠯ ᠣᠨᠴᠠᠭᠠᠢ ᠠᠩᠬᠠᠷᠴᠤ ᠂ ᠴᠠᠭ ᠢᠮᠠᠭᠲᠠ ᠬᠦᠴᠦᠲᠡᠢ ᠬᠠᠵᠠᠭᠤ ᠴᠢᠭᠯᠡᠯ ᠤᠨ ᠰᠠᠯᠬᠢ ᠶᠢ ᠰᠡᠷᠭᠡᠶᠢᠯᠡᠬᠦ ᠬᠡᠷᠡᠭᠲᠡᠢ᠃      ᠰᠢᠢᠳᠪᠦᠷᠢᠯᠡᠬᠦ ᠳᠤ ᠯᠠᠪᠳᠠᠭᠤᠨ ᠪᠠᠶᠢᠬᠤ ᠬᠡᠷᠡᠭᠲᠡᠶ᠄ ᠶᠠᠪᠤᠬᠤ ᠳᠤᠮᠳᠠ ᠭᠡᠨᠡᠳᠲᠡ ᠬᠠᠵᠠᠭᠤ ᠴᠢᠭᠯᠡᠯ ᠢᠶᠠᠷ ᠰᠠᠯᠬᠢ ᠢᠷᠡᠬᠦ ᠦᠶᠡᠰ᠂ ᠨᠢᠭᠡ ᠲᠠᠯ᠎ᠠ ᠪᠠᠷ ᠲᠡᠷᠭᠡᠨ ᠤ ᠴᠢᠭᠯᠡᠯ ᠤᠨ ᠬᠤᠪᠢᠷᠠᠯᠲᠠ ᠶᠢ ᠠᠩᠬᠠᠷᠴᠤ᠂ ᠨᠥᠭᠦᠭᠡ ᠲᠠᠯ᠎ᠠ ᠪᠠᠷ ᠵᠣᠬᠢᠰᠲᠠᠶ ᠡᠷᠭᠢᠵᠦ ᠵᠠᠯᠠᠭᠤᠷ ᠢᠶᠠᠨ ᠡᠷᠭᠢᠭᠦᠯᠵᠦ ᠵᠠᠰᠠᠬᠤ ᠬᠡᠷᠡᠭᠲᠡᠶ᠃ ᠬᠡᠷᠪᠡ ᠮᠠᠰᠢᠨ ᠲᠡᠷᠭᠡᠨ ᠤ ᠴᠢᠭᠯᠡᠯ ᠢ ᠲᠦᠷᠭᠡᠨ ᠵᠠᠯᠠᠷᠠᠭᠤᠯᠬᠤ ᠶᠢᠨ ᠲᠥᠯᠥᠭᠡ ᠵᠠᠯᠠᠭᠤᠷ ᠢᠶᠠᠨ ᠲᠦᠷᠭᠡᠨ ᠡᠷᠭᠢᠭᠦᠯᠪᠡᠯ ᠭᠡᠳᠡᠷᠭᠦ ᠪᠠᠨ ᠠᠳᠡᠯ ᠭᠠᠷᠬᠤ ᠠᠶᠤᠯ ᠲᠠᠢ᠃      ᠲᠡᠷᠭᠡᠨ ᠤ ᠬᠤᠷᠳᠤᠴᠠ ᠶᠢ ᠵᠣᠬᠢᠰᠲᠠᠶ ᠬᠢᠵᠠᠭᠠᠷᠯᠠᠬᠤ ᠬᠡᠷᠡᠭᠲᠡᠶ᠄ ᠬᠠᠵᠠᠭᠤ ᠴᠢᠭᠯᠡᠯ ᠤᠨ ᠰᠠᠯᠬᠢᠨ ᠤ ᠮᠠᠰᠢᠨ ᠲᠡᠷᠭᠡᠨ ᠤ ᠠᠶᠠᠯᠠᠯ ᠳᠤ ᠦᠵᠡᠭᠦᠯᠬᠦ ᠨᠥᠯᠥᠭᠡ ᠨᠢ ᠶᠠᠪᠤᠬᠤ ᠬᠤᠷᠳᠤᠴᠠ ᠶᠢᠨ ᠨᠡᠮᠡᠭᠳᠡᠬᠦ ᠶᠢ ᠳᠠᠭᠠᠯᠳᠤᠨ ᠮᠠᠰᠢ ᠲᠦᠷᠭᠡᠨ ᠨᠡᠮᠡᠭᠳᠡᠨ᠎ᠡ᠃ ᠡᠶᠢᠮᠦ ᠠᠴᠠ᠂ ᠶᠡᠭᠡ ᠰᠠᠯᠬᠢᠨ ᠲᠠᠢ ᠡᠳᠦᠷ ᠲᠡᠷᠭᠡᠨ ᠤ ᠬᠤᠷᠳᠤᠴᠠ ᠶᠢ ᠵᠣᠬᠢᠰᠲᠠᠶ ᠤᠳᠠᠭᠠᠰᠢᠷᠠᠭᠤᠯᠵᠤ᠂ ᠴᠠᠭ ᠪᠦᠷᠢ ᠶᠢᠨ 70 ᠺᠢᠯᠣᠮᠧᠲᠷ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠬᠠᠮᠤᠭ ᠤᠨ ᠳᠤᠤᠷ᠎ᠠ ᠬᠤᠷᠳᠤᠴᠠ ᠪᠠᠷ ᠬᠢᠵᠠᠭᠠᠷᠯᠠᠪᠠᠯ ᠳᠠᠷᠤᠶ ᠠᠮᠤᠷ ᠲᠦᠪᠰᠢᠨ ᠢ ᠪᠠᠲᠤᠯᠠᠵᠤ ᠴᠢᠳᠠᠨ᠎ᠠ᠃      ᠪᠠᠷᠠᠭ᠎ᠠ ᠶᠢ ᠪᠠᠲᠤ ᠪᠠᠬᠢ ᠤᠶᠠᠵᠤ ᠪᠣᠭᠤᠬᠤ ᠬᠡᠷᠡᠭᠲᠡᠶ᠄ ᠪᠠᠷᠠᠭ᠎ᠠ ᠳᠦᠭᠦᠷᠡᠩ ᠲᠡᠭᠡᠭᠡᠭᠰᠡᠨ ᠲᠣᠮᠣ ᠬᠡᠯᠪᠡᠷᠢ ᠶᠢᠨ ᠲᠡᠷᠭᠡ ᠶᠡᠭᠡ ᠰᠠᠯᠬᠢᠨ ᠳᠤᠮᠳᠠ ᠶᠠᠪᠤᠬᠤ ᠦᠶᠡᠰ᠂ ᠲᠡᠷᠭᠡᠨ ᠳᠡᠭᠡᠷᠡᠬᠢ ᠪᠠᠷᠠᠭ᠎ᠠ ᠰᠠᠯᠬᠢᠨ ᠤ ᠬᠦᠴᠦᠨ ᠤ ᠦᠢᠯᠡᠴᠢᠯᠡᠯ ᠢ ᠬᠦᠷᠲᠡᠪᠡᠯ ᠰᠠᠵᠢᠯᠠᠬᠤ᠂ ᠰᠤᠯᠠᠷᠠᠬᠤ᠂ ᠴᠢᠨᠠᠭᠰᠢᠯᠠᠨ ᠲᠡᠷᠭᠡᠨ ᠳᠡᠭᠡᠷ᠎ᠡ ᠠᠴᠠ ᠤᠨᠠᠵᠤ ᠮᠡᠳᠡᠨ᠎ᠡ᠃ ᠡᠶᠢᠮᠦ ᠠᠴᠠ ᠠᠴᠢᠶᠠᠨ ᠤ ᠮᠠᠰᠢᠨ ᠲᠡᠷᠭᠡ ᠶᠢ ᠪᠠᠬᠢᠯᠢᠭ᠌ ᠤᠶᠠᠵᠤ ᠤᠨᠠᠬᠤ ᠠᠴᠠ ᠰᠡᠷᠭᠡᠶᠢᠯᠡᠬᠦ ᠬᠡᠷᠡᠭᠲᠡᠶ᠂ ᠬᠠᠷᠢᠨ ᠪᠤᠰᠤᠳ ᠲᠡᠷᠭᠡ ᠨᠢ ᠶᠡᠭᠡ ᠰᠠᠯᠬᠢᠨ ᠳᠤᠮᠳᠠ ᠠᠮᠤᠷ ᠲᠦᠪᠰᠢᠨ ᠤ ᠵᠠᠶ ᠶᠢ ᠰᠠᠶᠢᠳᠤᠷ ᠠᠩᠬᠠᠷᠴᠤ᠂ ᠲᠡᠷᠭᠡ ᠳᠠᠪᠠᠭ᠋ᠤ ᠦᠶᠡᠰ ᠪᠠᠰᠠ ᠣᠨᠴᠠ ᠬᠢᠴᠢᠶᠡᠬᠦ ᠬᠡᠷᠡᠭᠲᠡᠶ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ