ᠬᠢᠵᠢᠭ ᠤᠨ ᠹᠷᠤᠨᠲ ᠤᠨ ᠭᠠᠪᠰᠢᠭᠠᠶᠢᠯᠠᠭᠴᠢ ᠰᠦᠩ ᠳ᠋ᠡ ᠸᠧᠶ
ᠨᠡᠶᠢᠲᠡᠯᠡᠭᠰᠡᠨ ᠴᠠᠭ᠄
2021/6/16
           ᠬᠢᠵᠢᠭ ᠤᠨ ᠹᠷᠤᠨᠲ ᠤᠨ ᠭᠠᠪᠰᠢᠭᠠᠶᠢᠯᠠᠭᠴᠢ ᠰᠦᠩ ᠳ᠋ᠡ ᠸᠧᠶ              ᠰᠥᠩ ᠳ᠋ᠡ ᠸᠧᠶ᠂ ᠡᠷᠡᠭᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1986 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠬᠥᠮᠦᠨ᠂ 2010 ᠣᠨ ᠤ 8 ᠰᠠᠷ᠎ᠠ ᠠᠴᠠ 2013 ᠣᠨ ᠤ 12 ᠰᠠᠷ᠎ᠠ ᠪᠣᠯᠲᠠᠯ᠎ᠠ ᠪᠡᠭᠡᠵᠢᠩ ᠤᠨ ᠴᠡᠷᠢᠭ ᠤᠨ ᠲᠣᠭᠤᠷᠢᠭ ᠤᠨ 38 ᠳ᠋ᠤᠭᠠᠷ ᠨᠢᠭᠡᠳᠬᠡᠯ ᠠᠷᠮᠢ ᠶᠢᠨ 66362 ᠴᠡᠷᠢᠭ ᠠᠩᠭᠢ ᠳᠤ ᠠᠯᠪᠠ ᠬᠠᠭᠠᠵᠤ᠂ 2014 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠨᠴᠠ ᠲᠥᠷᠦᠯ ᠤᠨ ᠴᠠᠭᠳᠠᠭ᠎ᠠ ᠶᠢᠨ ᠰᠠᠯᠪᠤᠷᠢ ᠠᠩᠭᠢ ᠳᠤ ᠰᠢᠯᠭᠠᠨ ᠣᠷᠣᠵᠤ᠂ ᠣᠲᠣ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠨᠴᠠ ᠲᠥᠷᠦᠯ ᠤᠨ ᠴᠠᠭᠳᠠᠭ᠎ᠠ ᠶᠢᠨ ᠰᠠᠯᠪᠤᠷᠢ ᠠᠩᠭᠢ ᠶᠢᠨ ᠦᠢᠯᠡᠴᠢᠯᠡᠭᠡᠨ ᠤ ᠶᠡᠭᠡ ᠠᠩᠭᠢ ᠶᠢᠨ ᠳᠠᠷᠤᠭ᠎ᠠ᠂ ᠨᠢᠭᠡᠳᠦᠭᠡᠷ ᠳᠡᠰ ᠤᠨ ᠴᠠᠭᠳᠠᠭᠠᠨ ᠵᠠᠬᠢᠷᠤᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃    
     ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠰᠠᠨ ᠠᠴᠠ ᠨᠠᠭᠠᠰᠢ᠂ ᠰᠦᠩ ᠳ᠋ᠡ ᠸᠧᠢ ᠳᠣᠲᠣᠭᠠᠳᠤ ᠶᠢ ᠬᠠᠮᠠᠭᠠᠯᠠᠬᠤ ᠦᠢᠯᠡᠰ ᠲᠤ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠ ᠬᠠᠶᠢᠷ᠎ᠠ ᠰᠡᠳᠬᠢᠯᠭᠡ ᠲᠠᠢ ᠪᠠᠶᠢᠵᠤ᠂ ᠢᠮᠠᠭᠲᠠ ᠰᠠᠶᠢᠨ ᠰᠠᠶᠢᠬᠠᠨ ᠤᠯᠤᠰ ᠲᠦᠷᠦ ᠶᠢᠨ ᠤᠤᠷ ᠴᠢᠨᠠᠷ ᠪᠠ ᠴᠠᠭᠳᠠᠭ᠎ᠠ ᠶᠢᠨ ᠬᠡᠪ ᠴᠢᠨᠠᠷ ᠢᠶᠠᠨ ᠪᠠᠲᠤᠯᠠᠵᠤ᠂ ᠭᠤᠣᠯᠴᠢ ᠰᠠᠨᠠᠭ᠎ᠠ ᠡᠪᠦᠷᠯᠡᠵᠦ᠂ ᠤᠭ ᠰᠠᠨᠠᠭ᠎ᠠ ᠪᠠᠨ ᠰᠠᠬᠢᠵᠤ᠂ ᠴᠠᠭᠳᠠᠭᠠᠨ ᠤ ᠠᠵᠢᠯ ᠢ ᠨᠠᠰᠤᠨ ᠲᠤᠷᠰᠢᠳᠠ ᠶᠢᠨ ᠦᠢᠯᠡᠰ ᠢᠶᠠᠨ ᠪᠣᠯᠭᠠᠵᠤ᠂ ᠠᠵᠢᠯ  ᠤᠨ  ᠳᠤᠮᠳᠠ  ᠪᠠᠨ  ᠠᠵᠢᠯᠴᠢ  ᠬᠢᠴᠢᠶᠡᠩᠭᠦᠢ᠂ ᠡᠭᠦᠷᠭᠡ  ᠲᠤᠰᠢᠶᠠᠯ  ᠢᠶᠠᠨ  ᠬᠢᠴᠢᠶᠡᠩᠭᠦ᠋ᠢᠯᠡᠨ  ᠭᠦᠢᠴᠡᠳᠬᠡᠵᠦ᠂ ᠢᠮᠠᠭᠲᠠ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ︾ ᠶᠡᠷᠦᠩᠬᠡᠢ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠡᠯ᠎ᠡ ᠱᠠᠲᠤᠨ ᠤ ᠤᠳᠤᠷᠢᠳᠤᠯᠭ᠎ᠠ ᠪᠠ ᠬᠠᠮᠲᠤ ᠠᠵᠢᠯᠯᠠᠭᠰᠠᠳ ᠲᠤ ᠭᠦᠢᠴᠡᠳ ᠮᠡᠳᠡᠷᠡᠭᠳᠡᠪᠡ᠃     ᠣᠶᠢᠷ᠎ᠠ ᠶᠢᠨ ᠵᠢᠯ ᠳᠤ᠂ ᠰᠥᠩ ᠳ᠋ᠡ ᠸᠧᠶ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠮᠤᠷ ᠢ ᠬᠠᠮᠠᠭᠠᠯᠠᠬᠤ ᠠᠵᠢᠯ ᠳᠤ ᠨᠡᠶᠢᠲᠡ 19 ᠤᠳᠠᠭ᠎ᠠ ᠣᠷᠣᠯᠴᠠᠪᠠ᠂ ᠡᠭᠦᠨ ᠳᠤ᠂ ᠪᠥᠬᠦ ᠤᠯᠤᠰ ᠤᠨ ︽ᠬᠤᠶᠠᠷ ᠬᠤᠷᠠᠯ︾᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ᠂ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢᠨ ᠦᠪᠡᠳᠡᠭᠰᠢ ᠶᠡᠭᠡ ᠪᠠᠶᠠᠷ᠂ ︽ᠳ᠋ᠠᠸᠤᠰ ᠤᠨ ᠶᠠᠷᠢᠶᠠᠨ ᠤ ᠲᠠᠪᠴᠠᠩ︾ ᠵᠡᠷᠭᠡ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠠᠮᠤᠷ ᠢ ᠬᠠᠮᠠᠭᠠᠯᠠᠬᠤ ᠠᠵᠢᠯ ᠤᠨ ᠳᠤᠮᠳᠠ᠂ ᠰᠥᠩ ᠳ᠋ᠡ ᠸᠧᠶ ᠴᠥᠮ ᠳᠡᠭᠡᠳᠦ ᠱᠠᠲᠤᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠪᠦᠯᠬᠦᠮ ᠳᠠᠭᠠᠭᠤᠯᠤᠨ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠪᠡᠶ᠎ᠡ ᠪᠠᠷ ᠢᠶᠠᠨ ᠣᠷᠤᠯᠴᠠᠵᠤ᠂ ᠨᠢᠭᠡᠳᠦᠭᠡᠷ ᠹᠷᠣᠨᠲ ᠢ ᠪᠠᠲᠤ ᠰᠠᠬᠢᠵᠤ᠂ ᠳᠣᠲᠣᠭᠠᠳᠤ ᠶᠢ ᠬᠠᠮᠠᠭᠠᠯᠠᠬᠤ ᠣᠨᠴᠠ ᠲᠥᠷᠥᠯ ᠤᠨ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠪᠠ ᠡᠯ᠎ᠡ ᠵᠦᠢᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠡᠮᠬᠢ ᠵᠢᠷᠤᠮ ᠲᠠᠢ ᠪᠠᠷ ᠬᠥᠭᠵᠢᠬᠦ ᠳᠤ ᠢᠳᠡᠪᠬᠢᠲᠡᠶ ᠬᠦᠴᠦᠨ ᠨᠡᠮᠡᠷᠢᠯᠡᠪᠡ᠃    
     ᠣᠨᠴᠠᠭᠠᠶᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠥᠩ ᠳ᠋ᠡ ᠸᠧᠶ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ 24 ᠴᠠᠭ ᠢᠶᠠᠷ ᠨᠢᠭᠡᠳᠦᠭᠡᠷ ᠹᠷᠣᠨᠲ ᠢ ᠪᠠᠲᠤ ᠰᠠᠬᠢᠵᠤ᠂ ᠡᠮᠦᠨ᠎ᠡ ᠹᠷᠣᠨᠲ ᠲᠤ ᠣᠴᠢᠵᠤ ᠵᠢᠯᠣᠭᠤᠳᠬᠤ᠂ ᠡᠭᠦᠨ ᠤ ᠬᠠᠮᠲᠤ ᠰᠢᠩ ᠾᠧ ᠰᠢᠶᠠᠨ ᠤ ᠥᠪᠥᠷ ᠮᠣᠩᠭᠤᠯ ᠾᠧᠪᠧᠢ ᠶᠢᠨ ᠵᠠᠭᠠᠭ ᠤᠨ G6 ᠲᠦᠷᠭᠡᠨ ᠳᠠᠪᠬᠢᠬᠤ ᠵᠠᠰᠠᠮᠠᠯ ᠵᠠᠮ ᠤᠨ ᠪᠠᠶᠢᠴᠠᠭᠠᠬᠤ ᠥᠷᠲᠡᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠡᠵᠡᠮᠳᠡᠬᠦ ᠡᠭᠦᠷᠭᠡ ᠶᠢᠨ ᠪᠣᠳᠠᠲᠠᠶ ᠬᠡᠷᠡᠭᠴᠡᠭᠡ ᠪᠠ ᠪᠠᠶᠢᠴᠠᠭᠠᠬᠤ ᠥᠷᠲᠡᠭᠡ ᠶᠢᠨ ᠡᠳᠦᠷ ᠪᠦᠷᠢ ᠶᠢᠨ ᠠᠵᠢᠯ ᠤᠨ ᠪᠠᠶᠢᠳᠠᠯ ᠲᠠᠢ ᠤᠶᠠᠯᠳᠤᠭᠤᠯᠵᠤ᠂  ᠦᠢᠯᠡᠴᠢᠯᠡᠭᠡᠨ ᠤ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠠᠮᠢᠳᠤᠯᠢᠭ ᠢᠶᠠᠷ ᠪᠠᠶᠢᠷᠢᠯᠠᠭᠤᠯᠤᠨ᠂ ᠡᠯ᠎ᠡ ᠰᠡᠷᠭᠡᠶᠢᠯᠡᠨ ᠡᠵᠡᠮᠳᠡᠵᠦ ᠪᠠᠶᠢᠴᠠᠭᠠᠨ ᠡᠵᠡᠮᠳᠡᠬᠦ ᠴᠡᠭ ᠢ ᠳᠠᠬᠢᠨ ᠳᠠᠪᠲᠠᠨ ᠪᠠᠶᠢᠴᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠵᠦ ᠪᠠᠶᠢᠴᠠᠭᠠᠨ ᠡᠵᠡᠮᠳᠡᠬᠦ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠢ ᠪᠠᠷ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠵᠢᠯ ᠤᠨ ᠴᠢᠩᠭ᠎ᠠ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠳᠤᠯᠠᠪᠠ᠃ ᠲᠡᠷᠭᠡ ᠣᠨᠤᠭ᠎ᠠ  ᠰᠠᠭᠠᠳ ᠦᠭᠡᠢ ᠨᠡᠪᠳᠡᠷᠡᠬᠦ᠂ ︽ᠬᠤᠶᠠᠷ ᠮᠤᠵᠢ ᠭᠤᠷᠪᠠᠨ ᠭᠠᠵᠠᠷ︾ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠩ ᠾᠧ ᠰᠢᠶᠠᠨ ᠤ ᠥᠪᠥᠷ ᠮᠣᠩᠭᠤᠯ ᠾᠧᠪᠧᠢ ᠶᠢᠨ ᠵᠠᠭᠠᠭ ᠤᠨ G6 ᠳᠡᠭᠡᠳᠦ ᠬᠤᠷᠳᠤ ᠵᠠᠮ ᠤᠨ ᠪᠠᠶᠢᠴᠠᠭᠠᠬᠤ ᠥᠷᠲᠡᠭᠡ ᠶᠢᠨ ᠲᠦᠷ ᠴᠠᠭ ᠤᠨ ᠨᠠᠮ ᠤᠨ ᠡᠭᠦᠷ ᠢ ᠵᠣᠬᠢᠶᠠᠨ ᠪᠠᠶᠢᠭᠤᠯᠪᠠ᠃ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠣᠪᠤᠷᠠᠯ︾ ︽ᠬᠠᠯᠠᠭᠤᠷᠠᠭᠰᠠᠳ᠂ ᠬᠠᠨᠢᠶᠠᠯᠭᠠᠭᠰᠠᠳ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ︾ ︽ᠡᠭᠦᠷᠭᠡ ᠭᠦᠢᠴᠡᠳᠭᠡᠭᠴᠢ ᠶᠢᠨ ᠬᠤᠪᠢ ᠬᠥᠮᠦᠨ ᠤ ᠬᠠᠮᠠᠭᠠᠯᠠᠯᠲᠠ᠂ ᠤᠬᠢᠶᠠᠬᠤ ᠱᠠᠭᠠᠷᠳᠠᠯᠭ᠎ᠠ︾ ᠵᠡᠷᠭᠡ ᠰᠢᠷᠢᠰ ᠠᠵᠢᠯ ᠤᠨ ᠶᠠᠪᠤᠴᠠ ᠶᠢ ᠲᠤᠭᠳᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠪᠦᠲᠦᠮᠵᠢᠲᠡᠶ ᠵᠢᠷᠤᠮᠯᠠᠯ ᠬᠠᠩᠭᠠᠪᠠ︔ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠭᠤᠭᠤᠯᠤᠨ ᠪᠠᠶᠢᠴᠠᠭᠠᠬᠤ ᠴᠤᠭᠯᠠᠷᠠᠯ︾ ᠢ ᠰᠢᠨ᠎ᠡ ᠪᠠᠷ ᠵᠣᠬᠢᠶᠠᠵᠤ᠂ ᠰᠡᠷᠭᠡᠶᠢᠯᠡᠨ ᠡᠵᠡᠮᠳᠡᠬᠦ ᠴᠢᠬᠤᠯᠠᠲᠠᠶ ᠬᠥᠮᠦᠰ ᠲᠤ ᠠᠵᠢᠯᠯᠠᠭ᠎ᠠ ᠶᠢᠨ ᠵᠠᠮ ᠮᠥᠷ ᠢ ᠰᠤᠳᠤᠯᠤᠨ ᠮᠠᠭᠠᠳᠯᠠᠬᠤ ᠶᠢᠨ ᠬᠠᠮᠲᠤ᠂ ᠡᠭᠦᠷᠭᠡ ᠭᠦᠢᠴᠡᠳᠭᠡᠬᠦ ᠭᠠᠵᠠᠷ ᠤᠨ ᠠᠭᠠᠷ ᠤᠨ ᠳᠤᠯᠠᠭᠠᠨ ᠳᠤᠤᠷ᠎ᠠ᠂ ᠬᠡᠷ ᠤᠨ ᠭᠠᠳᠠᠨ᠎ᠠ ᠪᠡᠶ᠎ᠡ ᠶᠢᠨ ᠬᠠᠯᠠᠭᠤᠨ ᠢ ᠬᠡᠮᠵᠢᠬᠦ ᠫᠤᠤ ᠶᠢᠨ ᠬᠡᠪ ᠤᠨ ᠪᠠᠶᠢᠳᠠᠯ ᠢᠶᠠᠷ ᠰᠢᠯᠭᠠᠨ ᠪᠠᠶᠢᠴᠠᠭᠠᠬᠤ ᠶᠢᠨ ᠠᠷᠭ᠎ᠠ ᠥᠬᠡᠶ ᠪᠠᠶᠢᠬᠤ ᠪᠣᠳᠠᠲᠤ ᠪᠠᠶᠢᠳᠠᠯ ᠢ ᠦᠨᠳᠦᠰᠦᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠡᠶ᠎ᠡ ᠶᠢᠨ ᠬᠠᠯᠠᠭᠤᠨ ᠢ ᠬᠡᠮᠵᠢᠬᠦ ᠬᠥᠮᠦᠰ ᠲᠤ ᠬᠥᠪᠥᠩ ᠳᠤᠭᠲᠤᠶ ᠪᠠ ᠲᠤᠯᠠᠭᠠᠯᠠᠮᠵᠢ ᠵᠡᠷᠭᠡ ᠶᠢ ᠬᠠᠩᠭᠠᠵᠤ᠂ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠢ ᠦᠨᠡᠨ ᠬᠦ  ᠰᠢᠢᠳᠪᠦᠷᠢᠯᠡᠪᠡ᠃ ᠡᠭᠦᠨ ᠤ ᠬᠠᠮᠲᠤ᠂ ᠰᠦᠩ ᠳ᠋ᠡ ᠸᠧᠢ ᠪᠠᠰᠠ ᠵᠢᠵᠢᠭᠦᠷᠯᠡᠬᠦ ᠭᠡᠰᠢᠭᠦᠳ ᠤᠨ ᠠᠮᠠᠷᠠᠬᠤ ᠴᠠᠭ ᠢ ᠵᠣᠬᠢᠰᠲᠠᠢ ᠲᠤᠬᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠳᠤ ᠳᠠᠭᠤᠷᠢᠶᠠᠯ ᠦᠵᠡᠭᠦᠯᠵᠦ᠂ ᠤᠯᠤᠰ ᠲᠦᠷᠦ ᠶᠢ ᠣᠨᠴᠠᠭᠠᠢ ᠡᠷᠬᠢᠮᠯᠡᠵᠦ᠂ ᠰᠠᠬᠢᠯᠭ᠎ᠠ ᠪᠠᠲᠤ ᠶᠢ ᠣᠨᠴᠠᠭᠠᠢ ᠰᠠᠬᠢᠵᠤ᠂ ᠬᠦᠴᠢᠷ ᠵᠣᠪᠠᠭᠤᠷᠢ ᠶᠢ ᠣᠨᠴᠠᠭᠠᠢ ᠳᠡᠰᠪᠦᠷᠢᠯᠡᠨ᠂ ᠬᠤᠪᠢ ᠨᠡᠮᠡᠷᠢ ᠦᠵᠡᠭᠦᠯᠵᠦ᠂ ᠣᠨᠴᠠᠭᠠᠢ ᠪᠠᠶᠢᠯᠳᠤᠵᠤ ᠴᠢᠳᠠᠬᠤ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠳᠡᠭᠡᠳᠦ ᠱᠠᠲᠤᠨ ᠤ ᠤᠳᠤᠷᠢᠳᠤᠯᠭ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠭᠤᠴᠠᠭᠠᠨ ᠳᠤ᠂ ᠰᠦᠩ ᠳ᠋ᠡ ᠸᠧᠢ ᠶᠢᠨ ᠡᠬᠡᠨᠡᠷ ᠨᠢ  ᠬᠤᠶᠠᠳᠠᠬᠢ ᠬᠡᠥᠬᠡᠳ ᠢᠶᠠᠨ ᠤᠳᠠᠯ ᠦᠭᠡᠢ ᠬᠥᠩᠭᠡᠵᠢᠬᠦ ᠭᠡᠵᠦ᠂ ᠬᠥᠳᠡᠯᠵᠦ ᠪᠠᠷᠢᠬᠤ ᠨᠢ ᠳᠥᠭᠦᠮ ᠦᠭᠡᠢ᠂ ᠬᠥᠩᠭᠡᠵᠢᠬᠦ ᠠᠴᠠ ᠡᠮᠦᠨᠡᠬᠢ ᠣᠯᠠᠨ ᠤᠳᠠᠭᠠᠨ ᠤ ᠪᠠᠶᠢᠴᠠᠭᠠᠯᠲᠠ ᠳᠤ ᠰᠦᠩ ᠳ᠋ᠡ ᠸᠧᠢ ᠪᠠᠷ᠎ᠠ  ᠪᠣᠯᠵᠤ ᠴᠢᠳᠠᠭᠰᠠᠨ ᠦᠭᠡᠢ᠃ ᠡᠬᠡᠨᠡᠷ ᠨᠢ ᠬᠤᠶᠠᠳᠤᠭᠠᠷ ᠥᠬᠢᠨ ᠢ ᠨᠢ ᠬᠥᠩᠭᠡᠵᠢᠵᠦ ᠪᠠᠶᠢᠭ᠎ᠠ ᠥᠶ᠎ᠡ ᠳᠤ ᠪᠠ ᠶᠡᠭᠡ ᠥᠬᠢᠨ ᠨᠢ ᠡᠪᠡᠳᠴᠢᠯᠡᠭᠡᠳ ᠭᠠᠭᠴᠠᠭᠠᠷ ᠢᠶᠠᠨ ᠭᠡᠷ ᠲᠤ ᠪᠠᠨ ᠪᠠᠶᠢᠬᠤ ᠳᠤ᠂ ᠲᠡᠷᠡ ᠭᠡᠷ ᠲᠡᠭᠡᠨ ᠬᠠᠷᠢᠵᠤ ᠥᠩᠭᠡᠷᠡᠭᠰᠡᠨ ᠦᠭᠡᠢ︔ ᠰᠥᠩ ᠳ᠋ᠡ ᠸᠧᠶ ᠶᠢᠨ ᠡᠮᠡᠭᠡ ᠨᠢ ᠨᠠᠰᠤ ᠪᠠᠷᠠᠭᠰᠠᠨ ᠳᠤ᠂ ᠠᠯᠪᠠᠨ ᠠᠵᠢᠯ ᠤᠨ ᠬᠡᠷᠡᠭᠴᠡᠭᠡ ᠠᠴᠠ ᠪᠣᠯᠵᠤ᠂ ᠰᠥᠩ ᠳ᠋ᠡ ᠸᠧᠶ ᠨᠠᠰᠤᠲᠠᠨ ᠤ ᠬᠠᠮᠤᠭ ᠰᠡᠭᠦᠯᠴᠢ ᠶᠢᠨ ᠨᠢᠭᠤᠷ ᠢ ᠣᠯᠵᠤ ᠪᠠᠷᠠᠭᠠᠳᠠᠭᠰᠠᠨ ᠦᠭᠡᠶ᠃ ᠠᠪᠤ ᠡᠵᠢ ᠨᠢ ᠨᠠᠰᠤ ᠠᠬᠢᠵᠤ ᠪᠡᠶ᠎ᠡ ᠮᠠᠭᠤᠳᠠᠭᠰᠠᠨ ᠪᠣᠯᠪᠠᠴᠤ᠂ ᠰᠥᠩ ᠳ᠋ᠡ ᠸᠧᠶ ᠶᠢ ᠰᠡᠳᠬᠢᠯ ᠬᠤᠪᠢᠶᠠᠭᠳᠠᠭᠤᠯᠤᠨ ᠠᠵᠢᠯᠯᠠᠭᠤᠯᠬᠤ ᠦᠭᠡᠶ ᠶᠢᠨ ᠲᠥᠯᠥᠭᠡ᠂ ᠠᠪᠤ ᠡᠵᠢ ᠨᠢ ᠭᠡᠷ ᠲᠤ ᠪᠠᠨ ᠲᠡᠭᠦᠨ ᠢ ᠬᠠᠪᠰᠤᠷᠤᠨ ᠡᠬᠡᠨᠡᠷ ᠢ ᠨᠢ ᠬᠠᠷᠠᠭᠠᠯᠵᠠᠵᠠᠶ᠃      ᠪᠦᠷᠢᠳᠬᠡᠯ ᠢ ᠦᠨᠳᠦᠰᠦᠯᠡᠪᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠥᠩ ᠳ᠋ᠡ ᠸᠧᠶ ᠨᠡᠶᠢᠲᠡ 149 ᠡᠳᠦᠷ ᠠᠩᠭᠢ ᠳᠠᠭᠠᠭᠤᠯᠤᠨ ᠰᠡᠷᠭᠡᠶᠢᠯᠡᠨ ᠡᠵᠡᠮᠳᠡᠵᠦ ᠪᠠᠶᠢᠴᠠᠭᠠᠨ ᠡᠵᠡᠮᠳᠡᠬᠦ ᠠᠵᠢᠯ ᠤᠨ ᠡᠭᠦᠷᠭᠡ ᠶᠢ ᠭᠦᠢᠴᠡᠳᠭᠡᠵᠦ᠂ 229208 ᠲᠡᠷᠭᠡ ᠬᠥᠰᠬᠡ᠂ 396695 ᠬᠥᠮᠦᠨ ᠢ ᠵᠢᠭᠰᠠᠭᠠᠨ ᠪᠠᠶᠢᠴᠠᠭᠠᠵᠤ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠮᠡᠳᠡᠭᠦᠯᠦᠯᠲᠡ ᠠᠪᠤᠭᠰᠠᠨ 69 ᠬᠥᠮᠦᠨ ᠢ ᠶᠠᠪᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠢᠯᠵᠢᠭᠦᠯᠦᠨ ᠲᠤᠰᠢᠶᠠᠵᠤ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠭᠰᠡᠨ 635 ᠬᠥᠮᠦᠨ ᠳᠤ ᠬᠦᠷᠴᠡᠶ︔ ᠨᠡᠶᠢᠲᠡ 71 ᠬᠥᠮᠦᠨ ᠢ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠵᠦ᠂ ᠡᠭᠦᠨ ᠳᠤ᠂ ᠣᠶᠢᠷ᠎ᠠ ᠶᠢᠨ ᠬᠤᠭᠤᠴᠠᠭᠠᠨ ᠳᠤ ᠬᠤᠪᠸᠢ ᠳᠤ ᠠᠵᠢᠯᠯᠠᠭᠠᠨ ᠤ ᠮᠦᠷ ᠲᠠᠢ ᠬᠤᠪᠸᠢ ᠨᠤᠲᠤᠭ ᠲᠠᠢ 5 ᠬᠥᠮᠦᠨ ᠢ ᠢᠳᠬᠠᠨ ᠪᠤᠴᠠᠭᠠᠵᠤ᠂ ᠬᠤᠪᠸᠢ ᠨᠤᠲᠤᠭ ᠲᠠᠢ ᠣᠶᠢᠷ᠎ᠠ ᠶᠢᠨ ᠬᠤᠭᠤᠴᠠᠭᠠᠨ ᠳᠤ ᠬᠤᠪᠸᠢ ᠳᠤ ᠠᠵᠢᠯᠯᠠᠭᠠᠨ ᠤ ᠮᠥᠷ ᠦᠭᠡᠢ 24 ᠬᠥᠮᠦᠨ ᠢ ᠬᠠᠷᠭᠤᠭᠤᠯᠤᠨ ᠪᠠᠶᠢᠴᠠᠭᠠᠵᠤ᠂ ᠬᠤᠪᠸᠢ ᠠᠴᠠ ᠨᠤᠲᠤᠭ ᠲᠤ ᠪᠠᠨ ᠪᠤᠴᠠᠭᠰᠠᠳ ᠲᠠᠢ ᠨᠢᠭᠲᠠ ᠣᠶᠢᠷᠠᠲᠤᠭᠰᠠᠳ 3 ᠬᠥᠮᠦᠨ᠂ ︽ᠪᠡᠭᠡᠵᠢᠩ ᠠᠴᠠ ᠰᠠᠯᠵᠤ ᠬᠤᠪᠸᠢ ᠳᠤ ᠬᠦᠷᠦᠭᠰᠡᠨ︾ 5 ᠬᠦᠮᠦᠨ ᠪᠠᠶᠢᠵᠤ᠂ ᠤᠯᠠᠭᠠᠨᠴᠠᠪ ᠬᠤᠲᠠ ᠶᠢᠨ ᠪᠡᠭᠡᠵᠢᠩ ᠢ ᠲᠣᠭᠤᠷᠢᠭᠰᠠᠨ ︽ᠰᠠᠬᠢᠭᠤᠯ ᠭᠤᠤᠯ︾᠂ ᠣᠷᠣᠨ ᠤ ᠲᠥᠪ ᠤᠨ ︽ᠬᠥᠭᠦᠷᠭᠡᠨ ᠪᠠᠬᠢᠯᠡᠯᠲᠡ︾ ᠶᠢᠨ ︽ᠲᠡᠮᠦᠷ ᠬᠠᠭᠠᠯᠲᠠ︾ ᠪᠠ ︽ᠱᠦᠭᠦᠭᠦᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠨᠡᠪᠲᠡᠷᠡᠬᠦ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃    
     ᠰᠥᠩ ᠳ᠋ᠡ ᠸᠧᠶ ᠨᠥᠬᠦᠷ ᠪᠠᠰᠠ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ︾᠂ ︽ᠰᠦᠯᠵᠢᠶ᠎ᠡ ᠴᠡᠪᠡᠷᠯᠡᠬᠦ ᠠᠵᠢᠯᠯᠠᠭ᠎ᠠ︾ ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠤᠨ ᠣᠷᠣᠨ ᠤ ᠣᠨᠴᠠ ᠴᠠᠭᠳᠠᠭ᠎ᠠ ᠶᠢᠨ ᠣᠷᠣᠨ ᠪᠦᠰᠡ ᠠᠯᠤᠰᠯᠠᠨ ᠳᠠᠶᠢᠴᠢᠯᠠᠬᠤ ᠰᠣᠷᠢᠯᠲᠠ ᠵᠡᠷᠭᠡ ᠴᠢᠬᠤᠯᠠ ᠡᠭᠦᠷᠭᠡ ᠳᠤ ᠢᠳᠡᠪᠬᠢᠲᠡᠶ ᠣᠷᠣᠯᠴᠠᠵᠤ᠂ 6 ᠣᠷᠭᠤᠳᠠᠭᠤᠯ ᠬᠡᠷᠡᠭᠲᠡᠨ ᠢ ᠪᠠᠷᠢᠪᠴᠢᠯᠠᠵᠤ᠂ ᠢᠮᠠᠭᠲᠠ ᠴᠠᠭᠠᠷᠠᠭᠰᠠᠨ ᠠᠵᠢᠯ ᠤᠨ ᠰᠤᠷᠲᠠᠯ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠤᠨ ᠣᠪᠣᠷ᠂  ᠦᠢᠯᠡᠰ ᠢᠶᠠᠨ ᠳᠡᠭᠡᠳᠦᠯᠡᠬᠦ ᠠᠵᠢᠯ ᠤᠨ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠤᠨ ᠳᠦᠷᠢ ᠲᠥᠷᠬᠦ ᠶᠢ ᠪᠥᠬᠦ ᠲᠠᠯ᠎ᠠ ᠪᠠᠷ ᠲᠠᠶᠢᠯᠪᠤᠷᠢᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠦᠷᠢᠨ ᠪᠡᠶᠡᠯᠡᠭᠦᠯᠪᠡ᠃     2016 ᠣᠨ ᠤ 7 ᠳ᠋ᠤᠭᠠᠷ ᠰᠠᠷ᠎ᠠ ᠳᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠪᠡ︔ 2016 ᠣᠨ ᠤ 12 ᠳ᠋ᠤᠭᠠᠷ ᠰᠠᠷ᠎ᠠ ᠳᠤ ᠰᠢᠯᠢᠳᠡᠭ ᠠᠯᠪᠠᠲᠠᠨ ᠢᠶᠠᠷ ᠦᠨᠡᠯᠡᠭᠳᠡᠪᠡ︔ 2017 ᠣᠨ ᠤ 11 ᠳ᠋ᠦ᠋ᠭᠡᠷ ᠰᠠᠷ᠎ᠠ ᠳᠤ᠂ ᠤᠯᠠᠭᠠᠨᠴᠠᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ︾ ᠤᠨ ᠠᠮᠤᠷ ᠢ ᠬᠠᠮᠠᠭᠠᠯᠠᠬᠤ ᠦᠶ᠎ᠡ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠭᠦᠯᠪᠡ︔ 2018 ᠣᠨ ᠤ 7 ᠳ᠋ᠤᠭᠠᠷ ᠰᠠᠷ᠎ᠠ ᠳᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠰᠣᠩᠭᠤᠭᠳᠠᠪᠠ︔ 2018 ᠣᠨ ᠤ 8 ᠳ᠋ᠤᠭᠠᠷ ᠰᠠᠷ᠎ᠠ ᠳᠤ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠱᠠᠩᠨᠠᠯ ᠢ ᠭᠥᠷᠳᠡᠪᠡ︔ 2019 ᠣᠨ ᠤ 4 ᠳ᠋ᠦ᠋ᠭᠡᠷ ᠰᠠᠷ᠎ᠠ ᠳᠤ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢ ᠲᠡᠮᠳᠡᠭᠯᠡᠭᠦᠯᠪᠡ︔ 2019 ᠣᠨ ᠤ 7 ᠳ᠋ᠤᠭᠠᠷ ᠰᠠᠷ᠎ᠠ ᠳᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠰᠣᠩᠭᠤᠭᠳᠠᠪᠠ︔ 2019 ᠣᠨ ᠤ 10 ᠰᠠᠷ᠎ᠠ ᠳᠤ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠭᠦᠯᠪᠡ︔ 2020 ᠣᠨ ᠤ 4 ᠳ᠋ᠦ᠋ᠭᠡᠷ ᠰᠠᠷ᠎ᠠ ᠳᠤ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ︾ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠶᠢᠯᠠᠯᠳᠤᠭᠠᠨ ᠤ ᠦᠶ᠎ᠡ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠭᠦᠯᠪᠡ᠃ 2020 ᠣᠨ ᠤ 9 ᠳ᠋ᠦ᠋ᠭᠡᠷ ᠰᠠᠷ᠎ᠠ ᠳᠤ᠂  ᠪᠦᠬᠦ ᠤᠯᠤᠰ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ︾ ᠢᠶᠠᠷ ᠦᠨᠡᠯᠡᠭᠳᠡᠪᠡ᠃ ︵ᠤᠯᠠᠭᠠᠨᠴᠠᠪ ᠬᠤᠲᠠ ᠶᠢᠨ ᠲᠣᠳᠤᠭᠠᠳᠣ ᠶᠢ ᠬᠠᠮᠠᠭᠠᠯᠠᠬᠤ ᠲᠣᠪᠴᠢᠶ᠎ᠠ ᠶᠢᠨ  ᠸᠠᠩ ᠭᠦᠸᠧ ᠬᠤᠩ ᠮᠡᠳᠡᠭᠡᠯᠡᠪᠡ︶
ᠢᠷᠡᠯᠲᠡ᠄ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ