ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ ᠴᠠᠭᠳᠠᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠰᠢᠶᠠᠯ ᠢ ᠣᠯᠪᠠ
ᠨᠡᠶᠢᠲᠡᠯᠡᠭᠰᠡᠨ ᠴᠠᠭ᠄
2021/6/24
     ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠷᠠᠳ ᠤᠨ      ᠴᠠᠭᠳᠠᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠰᠢᠶᠠᠯ ᠢ ᠣᠯᠪᠠ      ᠣᠶᠢᠷ᠎ᠠ ᠶᠢᠨ ᠵᠢᠯ ᠤᠳ ᠲᠤ᠂ ᠠᠶᠤᠯᠲᠠᠶ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠭᠠᠳᠠᠭᠰᠢᠯᠠᠭᠤᠯᠬᠤ᠂ ᠴᠢᠳᠬᠤᠬᠤ᠂ ᠰᠢᠢᠳᠪᠦᠷᠢᠯᠡᠬᠦ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠡᠷᠡᠭ ᠣᠯᠠᠨᠲᠠ ᠡᠭᠦᠰᠬᠦ ᠪᠠᠶᠢᠳᠠᠯ ᠢ ᠬᠤᠷᠢᠭᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠵᠦ᠂ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠣᠶᠢᠷ᠎ᠠ ᠳᠤ᠂ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠰᠤᠳᠤᠯᠤᠨ ᠲᠣᠭᠲᠠᠭᠠᠭᠠᠳ᠂ 2020 ᠣᠨ ᠤ ᠠᠶᠤᠯᠲᠠᠶ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ ᠲᠣᠪᠤᠶᠢᠮ᠎ᠠ ᠢᠯᠡᠷᠡᠯ ᠲᠠᠢ ᠬᠤᠪᠢ ᠬᠥᠮᠦᠨ ᠢ ᠮᠠᠭᠲᠠᠨ ᠰᠠᠶᠢᠰᠢᠶᠠᠪᠠ᠃ ᠡᠭᠦᠨ ᠳᠤ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠨ ᠵᠧᠩ ᠰᠢᠶᠠᠩ ᠨᠥᠬᠦᠷ ᠰᠠᠶᠢᠰᠢᠶᠠᠭᠳᠠᠬᠤ ᠨᠡᠷᠡᠰ ᠤᠨ ᠵᠢᠭᠰᠠᠭᠠᠯᠲᠠ ᠳᠤ ᠲᠣᠳᠣᠷᠠᠪᠠ᠃      ᠰᠦᠨ ᠵᠧᠩ ᠰᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1977 ᠣᠨ ᠤ 1 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1997 ᠣᠨ ᠤ 7 ᠰᠠᠷ᠎ᠠ ᠳᠤ ᠥᠪᠥᠷ ᠮᠣᠩᠭᠤᠯ ᠤᠨ ᠴᠠᠭᠳᠠᠭᠠᠨ ᠤ ᠰᠤᠷᠭᠠᠭᠤᠯᠢ ᠠᠴᠠ ᠲᠡᠭᠦᠰᠴᠦ᠂ 1997 ᠣᠨ ᠤ 8 ᠰᠠᠷ᠎ᠠ ᠳᠤ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠵᠤ᠂ ᠣᠲᠣ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠳᠤᠮᠳᠠ᠂ ᠲᠡᠷᠡ ᠪᠣᠯ ᠳᠣᠲᠣᠭᠠᠳᠤ ᠶᠢ ᠬᠠᠮᠠᠭᠠᠯᠠᠬᠤ ᠹᠷᠣᠨᠲ ᠤᠨ ᠳᠠᠭᠠᠭᠤᠯᠤᠭᠴᠢ᠂ ᠠᠮᠢ  ᠠᠬᠤᠶ  ᠣᠷᠴᠢᠨ  ᠲᠣᠭᠤᠷᠢᠨ ᠤ  ᠬᠠᠮᠠᠭᠠᠯᠠᠭᠴᠢ  ᠮᠥᠨ  ᠂  ᠪᠣᠳᠠᠲᠤ  ᠠᠵᠢᠯᠯᠠᠭ᠎ᠠ  ᠪᠠᠷ  ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾᠂ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠠᠭᠠᠯᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠵᠦ᠂ ᠲᠢᠩᠬᠢᠮ᠂ ᠬᠤᠲᠠ᠂ ᠬᠤᠰᠢᠭᠤ ᠭᠤᠷᠪᠠᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ