ᠤᠯᠤᠰ ᠤᠨ ᠬᠤᠶᠠᠳᠤᠭᠠᠷ ᠳᠡᠰ ᠤᠨ ᠪᠠᠭᠠᠲᠤᠷ ᠵᠢᠱᠢᠶᠡᠴᠢ ᠯᠢᠨ ᠢᠤᠢ ᠬᠤᠩ
ᠨᠡᠶᠢᠲᠡᠯᠡᠭᠰᠡᠨ ᠴᠠᠭ᠄
2021/6/25
           ᠤᠯᠤᠰ ᠤᠨ ᠬᠤᠶᠠᠳᠤᠭᠠᠷ ᠳᠡᠰ ᠤᠨ ᠪᠠᠭᠠᠲᠤᠷ ᠵᠢᠱᠢᠶᠡᠴᠢ ᠯᠢᠨ ᠢᠤᠢ ᠬᠤᠩ            ᠯᠢᠨ ᠢᠦᠢ ᠬᠤᠩ᠂ ᠭᠤᠴᠢᠨ ᠲᠠᠪᠤᠨ ᠵᠢᠯ ᠢ ᠨᠢᠭᠡ ᠯᠡ ᠡᠳᠦᠷ ᠮᠡᠲᠦ ᠪᠠᠷ᠂ ᠢᠮᠠᠭᠲᠠ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠮᠦᠨ᠎ᠡ ᠹᠷᠣᠨᠲ ᠲᠤ ᠲᠡᠮᠡᠴᠡᠵᠦ᠂ ᠪᠦᠬᠦ ᠣᠷᠣᠨ ᠤ ᠴᠤᠷ ᠤᠨ ᠭᠠᠭᠴᠠ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠲᠡᠮᠡᠴᠡᠵᠦ ᠪᠠᠶᠢᠭ᠎ᠠ ᠨᠢᠭᠡᠳᠦᠭᠡᠷ ᠳᠡᠰ ᠤᠨ ᠡᠮᠡᠭᠲᠡᠢ ᠲᠠᠩᠨᠠᠭᠴᠢ᠂ ᠤᠯᠤᠰ ᠤᠨ 95 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠦᠷᠦᠯ ᠵᠦᠢᠯ ᠤᠨ ︽ᠤᠯᠠᠨ ᠵᠦᠢᠯ ᠤᠨ ᠰᠡᠳᠬᠢᠴᠡ ᠶᠢᠨ ᠰᠢᠯᠭᠠᠯᠲᠠ︾ ᠶᠢᠨ ᠰᠤᠳᠤᠯᠭᠠᠨ ᠤ ᠳᠤᠭᠤᠶᠢᠯᠠᠩ ᠤᠨ ᠪᠦᠷᠢᠯᠳᠦᠬᠦᠨ᠂ ᠪᠦᠬᠦ ᠤᠯᠤᠰ ᠤᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠴᠠᠭᠳᠠᠭᠠᠨ ᠤ ᠡᠲᠡᠭᠡᠳ ᠤᠨ ᠠᠷᠪᠠᠨ ᠰᠣᠳᠣᠨ᠂ ᠥᠪᠡᠷᠲᠡᠭᠡᠨ ᠵᠠᠰᠠᠬᠤ ᠣᠷᠣᠨ ᠤ ︽3.8︾ ᠤ ᠤᠯᠠᠭᠠᠨ ᠲᠤᠭᠴᠢ᠂ ᠥᠪᠡᠷᠲᠡᠭᠡᠨ ᠵᠠᠰᠠᠬᠤ ᠣᠷᠣᠨ ᠤ ︽5.1︾ ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠳᠡᠭᠴᠢ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠷᠠᠳ ᠤᠨ ᠴᠠᠭᠳᠠᠭ᠎ᠠ ᠪᠣᠯᠤᠨ᠎ᠠ᠃ ᠤᠷᠢᠳ ᠬᠤᠵᠢᠳ 1 ᠤᠳᠠᠭ᠎ᠠ ᠬᠤᠪᠢ ᠬᠥᠮᠦᠨ ᠤ ᠨᠢᠭᠡᠳᠦᠭᠡᠷ ᠳᠡᠰ ᠤᠨ ᠭᠠᠪᠢᠶ᠎ᠠ᠂ 3 ᠤᠳᠠᠭ᠎ᠠ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ᠂ 4 ᠤᠳᠠᠭ᠎ᠠ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠭᠦᠯᠪᠡ︔ ᠥᠪᠡᠷᠲᠡᠭᠡᠨ ᠵᠠᠰᠠᠬᠤ ᠣᠷᠣᠨ ᠤ ︽ᠠᠵᠤ ᠠᠬᠤᠢ ᠶᠢᠨ ᠬᠡᠷᠡᠭ ᠢ ᠢᠯᠡᠷᠡᠭᠦᠯᠬᠦ ᠳᠠᠶᠢᠯᠠᠯᠳᠤᠭᠠᠨ︾ ᠤ ᠪᠦᠬᠦ ᠣᠷᠣᠨ ᠤ ᠲᠡᠷᠢᠭᠦᠨ ᠤ ᠬᠤᠪᠢ ᠬᠥᠮᠦᠨ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠢ ᠳᠣᠭᠳᠣᠯᠤᠭᠤᠯᠤᠭᠰᠠᠨ ᠬᠥᠮᠦᠰ ᠤᠨ ᠨᠡᠷ᠎ᠡ ᠳᠤᠷᠠᠳᠤᠭᠰᠠᠨ ᠱᠠᠩᠨᠠᠯ ᠬᠦᠷᠳᠡᠪᠡ᠃ ᠡᠯ᠎ᠡ ᠲᠦᠷᠦᠯ ᠤᠨ ᠬᠦᠨᠳᠦ ᠣᠨᠴᠠ ᠶᠡᠭᠡ ᠡᠷᠡᠭᠦᠦ ᠶᠢᠨ ᠬᠡᠷᠡᠭ ᠢ 1000 ᠭᠠᠷᠤᠢ ᠤᠳᠠᠭ᠎ᠠ ᠡᠷᠬᠢᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃      2011 ᠣᠨ ᠤ 9 ᠳ᠋ᠦ᠋ᠭᠡᠷ ᠰᠠᠷ᠎ᠠ ᠶᠢᠨ 7 ᠤ ᠦᠳᠡ ᠶᠢᠨ ᠬᠤᠶᠢᠨᠠᠬᠢ 6 ᠴᠠᠭ ᠤᠨ ᠦᠶ᠎ᠡ ᠪᠠᠷ᠂ ᠨᠢᠭᠡᠨ ᠮᠠᠭᠤ ᠡᠲᠡᠭᠡᠳ ᠦᠬᠠᠶ ᠬᠤᠲᠠ ᠶᠢᠨ ᠨᠠᠷᠭᠢᠶᠠᠨᠲᠤ ᠲᠣᠭᠤᠷᠢᠭ ᠲᠤ ᠬᠢᠲᠤᠭ᠎ᠠ ᠪᠠᠷᠢᠨ ᠨᠢᠭᠡ 2 ᠨᠠᠰᠤᠲᠠᠶ ᠥᠬᠢᠨ ᠢ ᠤᠤᠯᠭᠠᠯᠠᠵᠤ᠂ ᠨᠢᠭᠡ ᠴᠠᠭ ᠢᠶᠠᠷ ᠪᠦᠬᠦ ᠬᠤᠲᠠ ᠶᠢ ᠳᠣᠩᠰᠣᠯᠭᠠᠪᠠ᠃      
     ᠤᠤᠯᠭᠠᠯᠠᠭᠴᠢ ᠶᠢᠨ ᠤᠭ ᠰᠠᠨᠠᠭ᠎ᠠ ᠨᠢ ᠲᠣᠳᠣᠷᠬᠠᠶ ᠦᠭᠡᠢ᠂ ᠤᠷᠮ᠎ᠠ ᠵᠣᠷᠢᠭ ᠨᠢ ᠬᠥᠭᠰᠡᠵᠦ᠂ ᠬᠡᠷᠡᠭ ᠨᠢ ᠨᠢᠭᠡ ᠦᠶ᠎ᠡ ᠬᠥᠰᠢᠭᠦᠨ ᠪᠠᠶᠢᠳᠠᠯ ᠳᠤ ᠣᠷᠣᠵᠤ᠂ ᠤᠴᠢᠷ ᠶᠠᠪᠤᠳᠠᠯ ᠮᠠᠰᠢ ᠪᠠᠴᠢᠮ ᠪᠣᠯᠵᠠᠶ᠃ ᠵᠢᠯᠣᠭᠤᠳᠬᠤ ᠭᠠᠵᠠᠷ ᠰᠤᠳᠤᠯᠤᠨ ᠮᠠᠭᠠᠳᠯᠠᠬᠤ ᠪᠠᠷ ᠳᠡᠮᠵᠢᠨ᠂ ᠲᠤᠷᠰᠢᠨ ᠪᠠᠶᠢᠴᠠᠭᠠᠬᠤ ᠲᠤᠷᠰᠢᠯᠭ᠎ᠠ ᠪᠠᠷ ᠪᠠᠶᠠᠯᠢᠭ᠂ ᠨᠡᠪᠲᠡᠷᠡᠯᠴᠡᠨ ᠶᠠᠷᠢᠯᠴᠠᠬᠤ ᠴᠢᠳᠠᠪᠤᠷᠢ ᠪᠠᠷ ᠨᠡᠯᠢᠶᠡᠳ ᠴᠢᠩᠭ᠎ᠠ᠂ ᠨᠠᠷᠢᠨ ᠨᠢᠮᠪᠠᠶ ᠬᠤᠷᠴᠠ ᠰᠡᠷᠭᠡᠭ ᠯᠢᠨ ᠢᠦᠶ ᠬᠤᠩ ᠢ ᠰᠣᠩᠭᠤᠨ ᠲᠣᠮᠢᠯᠠᠵᠤ ᠳᠡᠭᠡᠷᠡᠮ ᠲᠠᠢ ᠬᠡᠯᠡᠯᠴᠡᠭᠡᠷ ᠬᠢᠯᠭᠡᠬᠦ ᠪᠠᠷ ᠲᠣᠭᠲᠠᠪᠠ᠃ ᠲᠤᠬᠠᠶ ᠶᠢᠨ ᠦᠶ᠎ᠡ ᠳᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠪᠠᠶᠢᠭᠰᠠᠨ ᠯᠢᠨ ᠢᠦᠶ ᠬᠤᠩ ᠲᠦᠭᠰᠢᠭᠦᠷᠢᠲᠡᠶ ᠦᠶ᠎ᠡ ᠳᠤ ᠵᠠᠷᠯᠢᠭ ᠬᠦᠯᠢᠶᠡᠵᠦ᠂ ᠤᠤᠯᠭᠠᠯᠠᠭᠳᠠᠭᠰᠠᠨ ᠬᠡᠦᠬᠡᠳ ᠤᠨ ᠨᠠᠭᠠᠴᠤ ᠡᠭᠡᠴᠢ ᠪᠠᠷ ᠣᠪᠯᠠᠵᠤ᠂ ᠤᠤᠯᠭᠠᠯᠠᠭᠴᠢ ᠲᠠᠢ ᠨᠡᠪᠲᠡᠷᠡᠯᠴᠡᠵᠦ᠂ ᠰᠡᠳᠬᠢᠴᠡ ᠶᠢᠨ ᠢᠳᠬᠠᠯᠭ᠎ᠠ ᠥᠷᠨᠢᠭᠦᠯᠵᠦ᠂ ᠤᠤᠯᠭᠠᠯᠠᠭᠴᠢ ᠶᠢᠨ ᠤᠷᠮ᠎ᠠ ᠰᠡᠳᠬᠢᠯᠭᠡ ᠶᠢ ᠠᠭᠠᠵᠢᠮ ᠢᠶᠠᠷ ᠲᠣᠭᠲᠠᠪᠤᠷᠢᠵᠢᠭᠤᠯᠵᠤ᠂  ᠬᠡᠯᠡᠯᠴᠡᠭᠡ  ᠠᠴᠠ  ᠣᠯᠤᠭᠰᠠᠨ  ᠵᠠᠩᠭᠢᠯᠠᠭ᠎ᠠ  ᠶᠢᠨ  ᠮᠡᠳᠡᠭᠡ  ᠵᠠᠩᠭᠢ  ᠪᠣᠯᠤᠨ  ᠤᠤᠯᠭᠠᠯᠠᠭᠴᠢ  ᠶᠢᠨ  ᠳᠤᠷᠠᠳᠤᠭᠰᠠᠨ ᠱᠠᠭᠠᠷᠳᠠᠯᠭ᠎ᠠ ᠶᠢ ᠵᠢᠯᠣᠭᠤᠳᠬᠤ ᠭᠠᠵᠠᠷ ᠲᠤ ᠲᠠᠰᠤᠷᠠᠯᠲᠠ ᠥᠬᠡᠶ ᠳᠠᠮᠵᠢᠭᠤᠯᠪᠠ᠃      ᠲᠤᠰ ᠤᠷᠤᠢ ᠶᠢᠨ 11 ᠴᠠᠭ ᠲᠤ᠂ ᠶᠡᠭᠡ ᠪᠣᠷᠣᠭᠠᠨ ᠣᠷᠣᠵᠤ᠂ ᠤᠤᠯᠭᠠᠯᠠᠭᠰᠠᠨ ᠳᠡᠭᠡᠷᠡᠮ ᠯᠢᠨ ᠢᠦᠢ ᠬᠤᠩ ᠢ ᠲᠡᠷᠭᠡ ᠵᠢᠯᠣᠭᠤᠳᠤᠨ ᠠᠮᠤᠷ ᠲᠦᠪᠰᠢᠨ ᠭᠠᠵᠠᠷ ᠬᠦᠷᠭᠡ ᠭᠡᠵᠦ ᠱᠠᠭᠠᠷᠳᠠᠭᠰᠠᠨ ᠳᠤ᠂ ᠯᠢᠨ ᠢᠦᠢ ᠬᠤᠩ ᠤᠤᠯᠭᠠᠯᠠᠭᠰᠠᠨ ᠳᠡᠭᠡᠷᠡᠮ ᠤᠨ ᠰᠡᠳᠬᠢᠯ ᠰᠠᠨᠠᠭ᠎ᠠ ᠨᠢ ᠬᠤᠪᠢᠷᠠᠵᠤ ᠪᠠᠶᠢᠬᠤ ᠶᠢ ᠬᠤᠷᠴᠠ ᠰᠡᠷᠭᠡᠭ ᠢᠶᠠᠷ ᠰᠡᠷᠡᠵᠦ ᠮᠡᠳᠡᠭᠡᠳ᠂ ᠵᠢᠯᠣᠭᠤᠳᠬᠤ ᠭᠠᠵᠠᠷ ᠠᠴᠠ ᠵᠢᠭᠠᠪᠤᠷᠢ ᠠᠪᠤᠭᠰᠠᠨ ᠤ ᠲᠠᠷᠠᠭ᠎ᠠ᠂ ᠥᠴᠦᠬᠡᠨ ᠴᠦ ᠲᠠᠲᠠᠭᠠᠯᠵᠠᠯ ᠦᠭᠡᠢ ᠪᠠᠷ ᠤᠤᠯᠭᠠᠯᠠᠭᠰᠠᠨ ᠳᠡᠭᠡᠷᠡᠮ ᠤᠨ ᠱᠠᠭᠠᠷᠳᠠᠯᠭ᠎ᠠ ᠪᠠᠷ ᠲᠡᠷᠭᠡ ᠵᠢᠯᠣᠭᠤᠳᠤᠨ ᠨᠢᠩᠰᠢᠶᠠ ᠵᠦᠭ ᠶᠠᠪᠤᠪᠠ᠃ ᠤᠤᠯᠭᠠᠯᠠᠭᠴᠢ ᠨᠢᠭᠡ ᠵᠠᠮ ᠯᠢᠨ ᠢᠦᠶ ᠬᠤᠩ ᠤᠨ ᠬᠦᠵᠦᠭᠦᠦ ᠲᠡᠭᠡᠷ᠎ᠡ ᠬᠢᠲᠤᠭ᠎ᠠ ᠲᠤᠯᠭᠠᠵᠤ᠂ ᠵᠠᠯᠭᠠᠭ᠎ᠠ ᠪᠠᠷ ᠭᠤᠷᠪᠠᠨ  ᠰᠦᠢᠳᠭᠡᠯ ᠬᠤᠷᠢᠶᠠᠬᠤ ᠥᠷᠲᠡᠭᠡᠨ ᠤ ᠬᠤᠷᠢᠭ᠎ᠠ ᠶᠢ ᠰᠢᠪᠲᠤᠯᠵᠤ᠂ ᠲᠠᠰᠤᠷᠠᠯᠲᠠ ᠦᠭᠡᠢ ᠡᠷᠭᠢᠨ ᠬᠠᠷᠠᠵᠤ᠂ ᠠᠷᠤ ᠲᠠᠯ᠎ᠠ ᠶᠢᠨ ᠮᠥᠷᠳᠡᠵᠦ ᠪᠠᠶᠢᠭ᠎ᠠ ᠴᠠᠭᠳᠠᠭᠠᠨ ᠤ ᠲᠡᠷᠭᠡ ᠶᠢ ᠬᠠᠶᠠ ᠭᠡᠵᠦ ᠵᠠᠷᠯᠢᠭᠳᠠᠪᠠ᠃ ᠥᠭᠦᠵᠦ ᠰᠡᠭᠡᠬᠦ ᠳᠤ ᠬᠤᠯᠪᠣᠭᠳᠠᠬᠤ ᠦᠶ᠎ᠡ ᠳᠤ᠂ ᠯᠢᠨ ᠢᠦᠶ ᠬᠤᠩ ᠯᠠᠪᠳᠠᠭᠤᠨ ᠲᠣᠭᠲᠠᠭᠤᠨ ᠢᠶᠠᠷ ᠠᠷᠭᠠᠴᠠᠭᠠᠨ᠂ ᠡᠷ᠎ᠡ ᠨᠥᠬᠦᠷ ᠤᠨ ᠢᠶᠠᠨ ᠭᠠᠷ ᠤᠳᠠᠰᠤ ᠶᠢ ᠲᠣᠰᠤᠭᠰᠠᠨ ᠢᠶᠠᠷ ᠣᠪᠯᠠᠨ ᠵᠢᠯᠣᠭᠤᠳᠬᠤ ᠭᠠᠵᠠᠷ ᠲᠠᠢ ᠳᠠᠬᠢᠨᠲᠠ ᠬᠠᠷᠢᠯᠴᠠᠪᠠ᠃      3 ᠴᠠᠭ ᠤᠨ ᠲᠠᠷᠠᠭ᠎ᠠ᠂ ᠮᠠᠰᠢᠨ ᠲᠡᠷᠭᠡ ᠨᠢᠩᠰᠢᠶᠠ ᠶᠢᠨ ᠡᠾᠦ᠋ᠢ ᠨᠦᠩ ᠳᠤ ᠬᠦᠷᠴᠦ᠂ ᠯᠢᠨ ᠢᠦᠢ ᠬᠤᠩ ᠠᠵᠢᠯᠯᠠᠭᠠᠨ ᠤ ᠲᠣᠬᠢᠶᠠᠯ ᠢ ᠲᠠᠰᠤᠷᠠᠯᠳᠠ ᠦᠭᠡᠢ ᠣᠯᠵᠤ᠂ ᠬᠤᠳᠠ ᠶᠢᠨ ᠲᠣᠭᠤᠷᠢᠭ ᠢ ᠲᠣᠭᠤᠷᠢᠨ ᠭᠤᠷᠪᠠᠨ ᠲᠣᠭᠤᠷᠢᠭ ᠠᠶᠠᠯᠠᠭᠰᠠᠨ ᠤ ᠲᠠᠷᠠᠭ᠎ᠠ᠂ ᠲᠡᠷᠡ ᠠᠷᠤ ᠬᠠᠷᠠᠭᠠᠨ ᠰᠢᠯ ᠠᠴᠠ ᠥᠪᠡᠷ ᠤᠨ ᠮᠠᠰᠢᠨ ᠤ ᠪᠠᠨ ᠠᠷᠤ ᠠᠴᠠ ᠪᠣᠷᠪᠢᠳᠠᠨ ᠲᠠᠭᠠᠵᠦ ᠪᠠᠶᠢᠭ᠎ᠠ ᠮᠠᠰᠢᠨ ᠲᠡᠷᠭᠡ ᠨᠢ ᠲᠠᠶᠢᠴᠢᠨ ᠨᠥᠬᠦᠳ ᠤᠨ ᠲᠡᠷᠭᠡ ᠪᠠᠶᠢᠵᠤ᠂ ᠬᠤᠷᠴᠠ ᠰᠠᠮᠪᠠᠭᠠᠯᠢᠭ ᠢᠶᠠᠷ ᠮᠠᠰᠢᠨ ᠲᠡᠷᠭᠡ ᠶᠢ ᠮᠤᠬᠤᠷ ᠭᠤᠳᠤᠮᠵᠢ ᠳᠤ ᠵᠢᠯᠣᠭᠤᠳᠴᠤ᠂ ᠲᠠᠶᠢᠴᠢᠨ ᠨᠥᠬᠦᠳ ᠨᠢ ᠮᠠᠰᠢ ᠲᠦᠷᠭᠡᠨ ᠢᠶᠠᠷ ᠯᠢᠨ ᠢᠦᠢ ᠬᠤᠩ ᠤᠨ ᠵᠢᠯᠣᠭᠤᠳᠤᠭᠰᠠᠨ ᠲᠡᠷᠭᠡ ᠶᠢ ᠲᠠᠭᠠᠵᠤ ᠵᠣᠭᠰᠣᠭᠰᠠᠨ ᠢ ᠠᠵᠢᠭᠯᠠᠵᠤ᠂ ᠪᠢᠴᠢᠬᠠᠨ ᠬᠡᠦᠬᠡᠨ ︽ᠶᠣᠣ ᠶᠣᠣ︾ ᠶᠢ ᠠᠮᠵᠢᠯᠲᠠᠲᠠᠢ ᠠᠪᠤᠷᠠᠪᠠ᠃    
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠯᠢᠨ ᠢᠦᠶ ᠬᠤᠩ ᠠᠯᠤᠰ ᠬᠤᠯᠠ ᠬᠥᠬᠡᠬᠤᠲᠠ ᠂ ᠲᠦᠩᠯᠢᠶᠣᠤ ᠬᠤᠲᠠ ᠳᠤ ᠬᠦᠷᠴᠦ ᠵᠢᠯ ᠭᠠᠷᠤᠶ ᠶᠢᠨ ᠬᠤᠭᠤᠴᠠᠭᠠᠨ ᠳᠤ᠂ ᠪᠥᠬᠦ ᠤᠯᠤᠰ ᠲᠤ ᠬᠦᠨᠳᠦ ᠶᠡᠭᠡ ᠨᠥᠯᠥᠭᠡ ᠲᠠᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠲᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠣᠯᠠᠨ ᠤ ᠬᠦᠰᠡᠯ ᠢ ᠬᠥᠰᠡᠷᠳᠡᠭᠦᠯᠦᠯ ᠥᠬᠡᠶ ᠪᠠᠷ᠂ ᠣᠯᠠᠨ ᠵᠠᠩᠭᠢᠯᠠᠭ᠎ᠠ ᠶᠢᠨ ᠰᠡᠵᠢᠭᠳᠡᠨ ᠢ ᠰᠢᠪᠲᠤᠯᠵᠤ᠂ ᠣᠯᠠᠨ ᠬᠡᠷᠡᠭ ᠤᠨ ᠰᠢᠨ᠎ᠡ ᠪᠠᠶᠢᠳᠠᠯ ᠢ ᠪᠣᠶ ᠪᠣᠯᠭᠠᠬᠤ ᠳᠤ ᠲᠦᠢᠯ ᠤᠨ ᠴᠢᠬᠤᠯᠠ ᠦᠢᠯᠡᠳᠦᠯ ᠦᠵᠡᠭᠦᠯᠪᠡ᠃ ︽6.28︾ ᠲᠦᠩᠯᠢᠶᠣᠤ ᠶᠢᠨ ᠢ x x ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠲᠤᠰᠬᠠᠶ ᠬᠡᠷᠡᠭ ᠪᠣᠯ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ᠂ ᠥᠪᠡᠷᠲᠡᠭᠡᠨ  ᠵᠠᠰᠠᠬᠤ  ᠣᠷᠣᠨ  ᠤ  ᠨᠥᠯᠥᠭᠡ  ᠪᠠᠷ  ᠬᠠᠮᠤᠭ  ᠤᠨ  ᠮᠠᠭᠤ᠂ ᠪᠠᠶᠢᠳᠠᠯ  ᠢᠶᠠᠷ  ᠬᠠᠮᠤᠭ  ᠤᠨ  ᠪᠤᠳᠤᠯᠢᠶᠠᠨᠲᠠᠶ  ᠬᠡᠷᠡᠭ  ᠪᠣᠯᠤᠨ᠎ᠠ᠂ ᠬᠤᠯᠪᠣᠭᠳᠠᠬᠤ ᠬᠥᠮᠦᠨ ᠣᠯᠠᠨ᠂ ᠨᠡᠬᠡᠮᠵᠢᠯᠡᠬᠦ ᠴᠠᠭ ᠣᠷᠳᠣ᠂ ᠰᠦᠪᠡᠭᠴᠢ ᠶᠢᠨ ᠲᠤᠰᠬᠠᠯ ᠴᠥᠭᠡᠨ᠂ ︽ᠳᠠᠭᠠᠷᠢᠵᠤ ᠰᠠᠬᠢᠬᠤ ᠬᠤᠯᠪᠣᠭ᠎ᠠ︾ ᠪᠠᠲᠤ ᠪᠠᠬᠢ᠂ ᠪᠠᠶᠢᠴᠠᠭᠠᠵᠤ ᠭᠡᠷᠡᠴᠢ ᠠᠪᠬᠤ ᠳᠤ ᠬᠦᠴᠢᠷᠲᠡᠶ᠃ ᠲᠤᠷᠰᠢᠨ ᠪᠠᠶᠢᠴᠠᠭᠠᠵᠤ ᠰᠢᠢᠳᠪᠦᠷᠢᠯᠡᠬᠦ ᠡᠬᠢᠨ ᠤ ᠬᠤᠭᠤᠴᠠᠭᠠᠨ ᠳᠤ᠂ ᠬᠡᠷᠡᠭ ᠤᠨ ︽ᠬᠤᠶᠠᠳᠤᠭᠠᠷ ᠨᠣᠮᠧᠷᠲᠤ ᠬᠥᠮᠦᠨ︾ ᠯᠢ ᠣᠪᠣᠭᠲᠤ ᠨᠡᠩ ᠴᠤ ᠨᠠᠵᠠᠭᠠᠶ ᠪᠠᠷ ᠡᠰᠡᠷᠭᠦᠴᠡᠯᠳᠦᠵᠦ᠂ ᠴᠢᠨᠡᠭᠡ ᠮᠡᠳᠡᠨ ᠮᠠᠷᠭᠤᠨ ᠨᠢᠴᠤᠭᠠᠵᠤ᠂ ᠦᠨᠡᠨ ᠬᠤᠳᠠᠯ ᠢ ᠬᠤᠳᠬᠤᠯᠳᠤᠭᠤᠯᠤᠨ᠂ ᠲᠤᠷᠰᠢᠨ ᠪᠠᠶᠢᠴᠠᠭᠠᠬᠤ ᠶᠢ ᠬᠠᠷᠰᠢᠯᠠᠵᠤ᠂ ᠬᠤᠯᠪᠣᠭᠳᠠᠯ ᠪᠦᠬᠦᠢ ᠠᠵᠢᠯ ᠢ ᠨᠢᠭᠡ ᠦᠶ᠎ᠡ ᠶᠠᠪᠤᠭᠳᠠᠭᠤᠯᠬᠤ ᠳᠤ ᠬᠦᠴᠢᠷᠲᠡᠶ ᠪᠣᠯᠭᠠᠵᠠᠶ᠃ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠲᠤᠷᠰᠢᠯᠭ᠎ᠠ ᠪᠠᠷ ᠪᠠᠶᠠᠯᠢᠭ ᠯᠢᠨ ᠢᠦᠶ ᠬᠤᠩ ᠵᠠᠷᠯᠢᠭ ᠭᠥᠯᠢᠶᠡᠨ ᠯᠢ ᠣᠪᠣᠭᠲᠤ ᠶᠢ ᠰᠢᠭᠦᠨ ᠠᠰᠠᠭᠤᠵᠤ᠂ ᠰᠥᠨᠢᠵᠢᠨ ᠡᠪᠬᠡᠮᠡᠯ ᠦᠵᠡᠵᠦ᠂ ᠬᠡᠷᠡᠭ ᠤᠨ ᠪᠠᠶᠢᠳᠠᠯ ᠪᠠ ᠰᠡᠵᠢᠭᠳᠡᠨ ᠤ ᠪᠡᠶ᠎ᠡ ᠬᠡᠮ ᠤᠨ ᠠᠬᠤᠶ ᠪᠠᠶᠢᠳᠠᠯ ᠢ ᠨᠠᠷᠢᠨ ᠣᠶᠢᠯᠠᠭᠠᠵᠤ᠂ ᠳᠠᠶᠢᠴᠢᠨ ᠬᠠᠨᠢ ᠲᠠᠢ ᠪᠠᠨ ᠠᠷᠭ᠎ᠠ ᠪᠣᠳᠣᠯᠭ᠎ᠠ ᠰᠣᠯᠢᠯᠴᠠᠨ᠂ ᠰᠢᠭᠦᠨ ᠠᠰᠠᠭᠤᠬᠤ ᠲᠥᠯᠥᠪᠯᠡᠭᠡ ᠲᠣᠭᠲᠠᠭᠠᠵᠤ᠂ ᠲᠦᠩᠯᠢᠶᠣᠤ᠂ ᠬᠥᠬᠡᠬᠤᠲᠠ ᠵᠡᠷᠭᠡ ᠭᠠᠵᠠᠷ ᠢᠶᠠᠷ ᠵᠠᠯᠭᠠᠭ᠎ᠠ ᠪᠠᠷ ᠶᠠᠪᠤᠵᠤ᠂ ᠶᠡᠭᠡ ᠬᠡᠮᠵᠢᠶᠡᠨ ᠤ ᠭᠡᠷᠡᠴᠢ ᠪᠠᠷᠢᠮᠲᠠ ᠡᠵᠡᠮᠰᠢᠨ᠂ ᠰᠡᠵᠢᠭᠳᠡᠨ ᠤ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ ᠨᠢᠭᠡ ᠯᠡ ᠳᠡᠭᠡᠷ᠎ᠡ ᠰᠦᠢᠷᠡᠭᠦᠯᠵᠦ᠂ ᠲᠡᠭᠦᠨ ᠢ ᠡᠰᠡᠷᠭᠦᠴᠡᠬᠦ ᠪᠠᠨ ᠲᠦᠢᠯᠪᠤᠷᠢᠲᠠᠶ ᠪᠤᠯᠢᠭᠤᠯᠵᠤ᠂ ᠥᠪᠡᠷ ᠤᠨ ᠪᠡᠶ᠎ᠡ ᠪᠠ ᠭᠤᠤᠯ ᠬᠡᠷᠡᠭᠲᠡᠨ ᠢ x x ᠤᠨ ᠶᠡᠭᠡ ᠬᠡᠮᠵᠢᠶᠡᠨ ᠤ ᠶᠠᠯ᠎ᠠ ᠬᠢᠭᠰᠡᠨ ᠪᠣᠳᠠᠲᠤ ᠬᠡᠷᠡᠭ ᠢ ᠦᠴᠢᠭᠯᠡᠭᠦᠯᠵᠦ᠂ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠳᠤ ᠰᠢᠪᠲᠤᠯᠤᠯᠲᠠ ᠶᠢᠨ ᠵᠠᠮ ᠨᠡᠬᠡᠭᠡᠵᠦ ᠥᠭᠪᠡ᠃  
     ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠡᠬᠢᠯᠡᠭᠦᠯᠦᠭᠰᠡᠨ ᠤ ᠲᠠᠷᠠᠭ᠎ᠠ᠂ ᠦᠬᠠᠢ ᠬᠤᠳᠠ ᠶᠢᠨ ᠬᠡᠷᠡᠭ ᠤᠨ ᠰᠦᠪᠡᠭᠴᠢ 119 ᠵᠤᠷᠪᠤᠰ ᠲᠤ ᠬᠦᠷᠴᠦ᠂ ᠪᠦᠬᠦ ᠣᠷᠣᠨ ᠤ ᠭᠤᠷᠪᠠᠳᠤᠭᠠᠷ ᠲᠤ ᠪᠠᠶᠢᠪᠠ᠃ ᠡᠭᠦᠨ ᠤ ᠲᠤᠯᠠᠳᠠ᠂ ᠯᠢᠨ ᠢᠦᠢ ᠬᠤᠩ ᠬᠤᠳᠠ᠂ ᠲᠣᠭᠤᠷᠢᠭ ᠬᠤᠶᠠᠷ ᠱᠠᠲᠤᠨ ᠤ ᠰᠦᠪᠡᠭᠴᠢ ᠶᠢ ᠬᠢᠨᠠᠨ ᠪᠠᠶᠢᠴᠠᠭᠠᠬᠤ ᠲᠤᠰᠬᠠᠢ ᠠᠩᠬᠢ ᠪᠠᠶᠢᠭᠤᠯᠬᠤ ᠶᠢ ᠠᠬᠢᠭᠤᠯᠵᠤ᠂ ᠠᠵᠢᠯ ᠤᠨ ᠬᠠᠮᠲᠤᠷᠠᠭᠰᠠᠨ ᠲᠣᠭᠲᠠᠴᠠ ᠶᠢ ᠪᠠᠶᠢᠭᠤᠯᠤᠨ᠂ ᠰᠦᠪᠡᠭᠴᠢ ᠶᠢ ᠬᠢᠨᠠᠨ ᠪᠠᠶᠢᠴᠠᠭᠠᠬᠤ ᠠᠵᠢᠯ ᠢ ᠲᠦᠷᠭᠡᠨ ᠠᠬᠢᠭᠤᠯᠪᠠ᠃ ᠢᠯᠠᠩᠭᠤᠶ᠎ᠠ ︽6.29︾ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢᠨ ᠳᠤᠮᠳᠠ᠂ ᠬᠤᠲᠠ ᠶᠢᠨ ᠨᠠᠮ ᠤᠨ ᠬᠤᠷᠢᠶᠠᠨ ᠤ ᠲᠤᠰᠢᠶᠠᠨ ᠰᠢᠢᠳᠪᠦᠷᠢᠯᠡᠭᠦᠯᠦᠭᠰᠡᠨ ᠨᠡᠭᠦᠷᠡᠰᠦᠨ ᠳᠤ ᠬᠤᠯᠪᠣᠭᠳᠠᠭᠰᠠᠨ 4 ᠬᠡᠷᠡᠭ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠲᠠ ᠶᠢᠨ ᠨᠠᠮ ᠤᠨ ᠬᠤᠷᠢᠶ᠎ᠠ ᠲᠤᠰᠬᠠᠶᠢᠯᠠᠨ ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠥᠨᠳᠥᠷ ᠦᠨᠡᠯᠡᠯᠲᠡ ᠥᠭᠭᠦᠭᠰᠡᠨ ᠪᠠᠶᠢᠨ᠎ᠠ᠃ ᠪᠥᠬᠦ ᠣᠷᠣᠨ ᠳᠤ ᠰᠦᠪᠡᠭᠴᠢ ᠶᠢ ︽ᠬᠤᠭᠤᠰᠤᠨ ᠪᠣᠯᠭᠠᠬᠤ︾ ᠶᠢ ᠤᠷᠢᠳᠠᠪᠠᠷ ᠪᠡᠶᠡᠯᠡᠭᠦᠯᠪᠡ᠃      
     ᠲᠥᠪᠯᠡᠷᠡᠭᠦᠯᠦᠨ ᠴᠣᠬᠢᠯᠲᠠ ᠥᠭᠬᠦ ᠶᠠᠪᠤᠴᠠ ᠳᠤ᠂ ᠲᠡᠷᠡ ᠪᠡᠶ᠎ᠡ ᠪᠠᠷ ᠢᠶᠠᠨ ᠬᠡᠪ ᠲᠦ᠋ᠷᠢᠮ ᠪᠤᠯᠤᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠳᠦᠷ ᠪᠦᠷᠢ ᠶᠢᠨ ᠵᠥᠪᠳᠡᠯᠴᠡᠬᠦ ᠲᠣᠭᠲᠠᠴᠠ ᠶᠢ ᠵᠣᠬᠢᠶᠠᠨ ᠪᠠᠶᠢᠭᠤᠯᠤᠨ᠂ ᠤᠷᠤᠢ ᠪᠦᠷᠢ ᠶᠢᠨ 21 ᠴᠠᠭ ᠲᠤ ᠪᠠᠶᠢᠳᠠᠯ ᠢ ᠲᠥᠪᠯᠡᠷᠡᠭᠦᠯᠦᠨ ᠬᠤᠷᠢᠶᠠᠩᠭᠤᠶᠢᠯᠠᠵᠤ᠂ ᠬᠡᠷᠡᠭ ᠤᠨ ᠪᠠᠶᠢᠳᠠᠯ ᠢ ᠵᠠᠳᠠᠯᠵᠤ᠂ ᠰᠦᠪᠡᠭᠴᠢ ᠶᠢ ᠬᠠᠷᠢᠯᠴᠠᠨ ᠮᠡᠳᠡᠪᠡ᠃ ᠨᠡᠭᠦᠷᠡᠰᠦᠨ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠢ ᠨᠡᠶᠢᠳᠡ 25 ᠤᠳᠠᠭ᠎ᠠ ᠡᠪᠳᠡᠵᠦ᠂ 38 ᠬᠥᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 61 ᠳ᠋ᠦᠩᠰᠢᠭᠤᠷ ᠭᠠᠷᠤᠶ ᠲᠥᠭᠦᠷᠢᠭ ᠲᠤ ᠬᠦᠷᠴᠦ᠂ 224 ᠳ᠋ᠦᠩᠰᠢᠭᠤᠷ ᠭᠠᠷᠤᠶ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠪᠠ᠃      ᠲᠡᠷᠡ 5 ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠪᠰᠤᠷᠤᠨ᠂ ᠵᠢᠯ ᠴᠠᠭᠠᠨ ᠰᠠᠷ᠎ᠠ ᠪᠣᠯᠬᠤ ᠪᠦᠷᠢ ᠠᠮᠤ ᠪᠤᠳᠠᠭ᠎ᠠ ᠭᠤᠯᠢᠷ ᠬᠤᠳᠠᠯᠳᠤᠨ ᠠᠪᠴᠤ᠂ ᠦᠷᠭᠦᠯᠵᠢ  ᠴᠠᠯᠢᠩ ᠢᠶᠠᠷ ᠢᠶᠠᠨ ᠲᠤᠰᠠᠯᠠᠬᠤ ᠶᠢᠨ ᠬᠠᠮᠲᠤ ᠲᠡᠳᠡᠨ ᠳᠤ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠤᠯᠬᠤ᠂ ᠪᠠᠰᠠ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢ ᠲᠠᠶᠢᠴᠢᠯᠠᠨ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠭᠦᠨᠵᠡᠭᠡᠶᠢᠷᠡᠵᠦ ᠥᠨᠥᠴᠢᠨ ᠪᠡᠯᠪᠡᠰᠦᠨ ᠨᠠᠰᠤᠲᠠᠨ ᠢ ᠲᠣᠬᠤᠨᠢᠭᠤᠯᠵᠠᠢ᠃      ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠨᠡ ᠬᠦ ᠴᠠᠭᠳᠠᠭ᠎ᠠ ᠶᠢᠨ ᠬᠤᠸᠠᠷᠠᠨ ᠤ ᠶᠡᠭᠡ ᠭᠡᠷ ᠪᠦᠯᠢ ᠳᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠤᠯᠠᠨ ᠳᠤ ᠦᠢᠯᠡᠴᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠡᠮᠬᠢᠯᠡᠬᠦ ᠵᠡᠷᠭᠡ ᠡᠯ᠎ᠡ ᠠᠵᠢᠯ ᠤᠨ ᠪᠠᠶᠢᠷᠢ ᠳᠤ ᠡᠮᠡᠭᠲᠡᠢ ᠴᠠᠭᠳᠠᠭ᠎ᠠ ᠶᠢᠨ ᠰᠡᠭᠦᠳᠡᠷ ᠬᠠᠷᠠᠭᠳᠠᠬᠤ ᠳᠤ᠂ ᠯᠢᠨ ᠢᠦᠢ ᠬᠤᠩ ᠪᠤᠯ ᠲᠠᠷᠤᠢ ᠲᠡᠳᠡᠨᠠᠷ ᠤᠨ ᠬᠤᠰᠢᠭᠤᠴᠢ ᠪᠤᠯᠤᠨ᠎ᠠ᠃ ︵ᠦᠬᠠᠢ ᠬᠤᠲᠠ ᠶᠢᠨ ᠬᠠᠶᠢᠨᠠᠨ ᠲᠣᠳᠤᠭᠠᠳᠣ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ  ᠳᠠᠯᠠᠩᠭᠤᠷᠪᠠ ᠮᠡᠳᠡᠭᠡᠯᠡᠪᠡ︶  
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ