ᠨᠠᠮ ᠤᠨ ᠲᠡᠦᠬᠡ ᠶᠢ ᠰᠤᠷᠤᠯᠴᠠᠵᠤ ᠤᠷᠲᠤ ᠵᠠᠮ ᠤᠨ ᠠᠶᠠᠨ ᠲᠠᠶᠢᠨ ᠤ ᠵᠠᠮ ᠢᠶᠠᠷ ᠳᠠᠬᠢᠨ ᠵᠠᠮᠨᠠᠨ ᠤᠭ ᠰᠠᠨᠠᠭ᠎ᠠ ᠪᠠᠨ ᠡᠷᠭᠢᠴᠡᠭᠦᠯᠦᠨ ᠭᠠᠶᠢᠬᠠᠮᠰᠢᠭᠲᠤ ᠣᠨ ᠰᠠᠷ᠎ᠠ ᠶᠢ ᠰᠣᠨᠢᠷᠬᠠᠶ᠎ᠠ
ᠨᠡᠶᠢᠲᠡᠯᠡᠭᠰᠡᠨ ᠴᠠᠭ᠄
2021/7/22
         ᠨᠠᠮ ᠤᠨ ᠲᠡᠦᠬᠡ ᠶᠢ ᠰᠤᠷᠤᠯᠴᠠᠵᠤ ᠤᠷᠲᠤ ᠵᠠᠮ ᠤᠨ ᠠᠶᠠᠨ ᠲᠠᠶᠢᠨ ᠤ ᠵᠠᠮ ᠢᠶᠠᠷ ᠳᠠᠬᠢᠨ          ᠵᠠᠮᠨᠠᠨ ᠤᠭ ᠰᠠᠨᠠᠭ᠎ᠠ ᠪᠠᠨ ᠡᠷᠭᠢᠴᠡᠭᠦᠯᠦᠨ ᠭᠠᠶᠢᠬᠠᠮᠰᠢᠭᠲᠤ ᠣᠨ ᠰᠠᠷ᠎ᠠ ᠶᠢ ᠰᠣᠨᠢᠷᠬᠠᠶ᠎ᠠ          ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠠᠷᠠᠳ ᠤᠨ ᠴᠠᠭᠳᠠᠭ᠎ᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠩᠭᠠᠳᠬᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 8 ᠤ ᠡᠳᠦᠷ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠢᠨᠳᠠᠨ ᠤ ᠬᠠᠮᠢᠶᠠᠷᠤᠯᠳᠠ ᠶᠢᠨ ᠶᠡᠭᠡ ᠠᠩᠭᠢ ᠶᠢᠨ ᠨᠠᠮ ᠤᠨ ᠡᠭᠦᠷ ᠨᠠᠮ ᠤᠨ ᠭᠡᠰᠢᠭᠦᠨ ᠴᠠᠭᠳᠠᠭ᠎ᠠ ᠪᠠᠨ ᠵᠣᠬᠢᠶᠠᠨ ᠪᠠᠶᠢᠭᠤᠯᠵᠤ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠯᠧᠢ ᠶᠢᠩᠽᠢ ᠪᠠᠯᠭᠠᠰᠤ᠂ ᠮᠠ ᠠᠨ ᠱᠠᠨ ᠪᠠᠯᠭᠠᠰᠤ ᠵᠡᠷᠭᠡ ᠭᠠᠵᠠᠷ ᠲᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    
     ᠠᠵᠢᠯᠯᠠᠭ᠎ᠠ ᠶᠢᠨ ᠶᠠᠪᠤᠴᠠ ᠳᠤ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠤᠯᠠᠭᠠᠨ ᠴᠡᠷᠢᠭ ᠤᠨ ᠬᠤᠪᠴᠠᠰᠤ ᠡᠮᠦᠰᠦᠭᠦᠯᠦᠨ᠂ ᠣᠷᠳᠣ ᠵᠠᠮ ᠤᠨ ᠠᠶᠠᠨ ᠲᠡᠶᠢᠨ ᠤ ᠵᠠᠮ ᠢᠶᠠᠷ ᠵᠠᠮᠨᠠᠭᠤᠯᠤᠨ᠂ ᠬᠤᠪᠢᠰᠬᠠᠯ ᠤᠨ ᠳᠠᠭᠤᠤ ᠳᠠᠭᠤᠯᠠᠵᠤ᠂ ᠬᠤᠪᠢᠰᠬᠠᠯ ᠤᠨ ᠲᠡᠦᠬᠡ ᠶᠢ ᠰᠣᠨᠣᠰᠴᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠳᠤ ᠬᠤᠪᠢᠰᠬᠠᠯ ᠤᠨ ᠰᠣᠶᠣᠯ ᠤᠨ ᠬᠦᠴᠦᠨ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠬᠤᠪᠢᠰᠬᠠᠯ ᠤᠨ ᠣᠷᠳᠣ ᠵᠠᠮ ᠤᠨ ᠠᠶᠠᠨ ᠲᠡᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠤᠯᠵᠤ᠂ ᠬᠤᠪᠢᠰᠬᠠᠯ ᠤᠨ ᠭᠧᠨ ᠤ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃    
     ᠦᠳᠡ ᠶᠢᠨ ᠡᠮᠦᠨᠡᠬᠢ 9 ᠴᠠᠭ ᠲᠤ᠂ ᠰᠠᠭᠤᠷᠢᠨ ᠭᠠᠵᠠᠷ ᠲᠤ ᠭᠦᠷᠦᠭᠰᠡᠨ ᠤ ᠳᠠᠷᠠᠭ᠎ᠠ᠂ ᠪᠥᠬᠦ ᠬᠦᠮᠦᠨ ᠤᠯᠠᠭᠠᠨ ᠴᠡᠷᠢᠭ ᠤᠨ ᠡᠮᠦᠰᠴᠦ ᠥᠩᠭᠡᠷᠡᠭᠰᠡᠨ ᠬᠤᠪᠴᠠᠰᠤ ᠶᠢ ᠡᠮᠦᠰᠴᠦ᠂ ᠪᠠᠶᠢᠯᠳᠤᠭᠠᠨ ᠤ ᠵᠡᠪᠰᠡᠭ ᠲᠣᠨᠣᠭᠯᠠᠯ ᠪᠠ ᠪᠠᠭᠠᠵᠢ ᠬᠡᠷᠡᠭᠰᠡᠯ ᠢ ᠠᠳᠬᠤᠵᠤ᠂ ᠰᠤᠷᠭᠠᠭᠴᠢ ᠪᠠ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠤᠤᠷ᠎ᠠ᠂ ᠶᠠᠪᠠᠭᠠᠨ ᠢᠶᠠᠷ ᠠᠶᠠᠯᠠᠬᠤ ᠬᠡᠯᠪᠡᠷᠢ ᠪᠠᠷ ︽ᠣᠷᠳᠣ ᠵᠠᠮ ᠤᠨ ᠠᠶᠠᠨ ᠲᠡᠶᠢᠨ ᠤ ᠵᠠᠮ︾ ᠤᠨ ᠰᠢᠨ᠎ᠡ ᠠᠶᠠᠨ ᠵᠠᠮ ᠢ ᠡᠬᠢᠯᠡᠭᠦᠯᠪᠡ᠃      ᠲᠠᠶᠢᠯᠪᠤᠷᠢᠯᠠᠭᠴᠢ ᠠᠴᠠ ᠰᠢᠶᠠᠩᠵᠢᠶᠠᠩ ᠮᠥᠷᠡᠨ ᠤ ᠳᠠᠶᠢᠯᠠᠯᠳᠤᠭᠠᠨ᠂ ᠽᠦᠨ ᠢ ᠶᠢᠨ ᠬᠤᠷᠠᠯ᠂ ᡂᠢ ᠱᠦᠢ ᠭᠤᠣᠯ ᠢ ᠳᠥᠷᠪᠠᠨᠲᠡ ᠭᠠᠳᠤᠯᠤᠭᠰᠠᠨ᠂ ᠯᠦ ᠳ᠋ᠢᠩ ᠴᠢᠶᠣᠤ ᠬᠥᠭᠦᠷᠭᠡ ᠶᠢ ᠨᠢᠰᠬᠦ ᠮᠡᠲᠦ ᠪᠤᠯᠢᠶᠠᠨ ᠠᠪᠤᠭᠰᠠᠨ᠂ ᠴᠠᠰᠤᠲᠤ ᠠᠭᠤᠯᠠ ᠶᠢ ᠳᠠᠪᠠᠵᠤ ᠨᠠᠮᠤᠭᠲᠤ ᠲᠠᠯ᠎ᠠ ᠶᠢ  ᠳᠤᠭᠤᠯᠤᠭᠰᠠᠨ ᠵᠡᠷᠭᠡ ᠤᠷᠲᠤ ᠵᠠᠮ ᠤᠨ ᠠᠶᠠᠨ ᠳᠠᠶᠢᠨ ᠤ ᠵᠠᠮ ᠳᠠᠬᠢ ᠪᠠᠴᠢᠮ ᠪᠡᠷᠬᠡ ᠪᠠᠷᠲᠠᠭ᠎ᠠ ᠲᠠᠢ ᠦᠯᠢᠭᠡᠷ ᠢ ᠲᠠᠶᠢᠯᠪᠤᠷᠢᠯᠠᠵᠤ᠂ ᠴᠧᠨ ᠱᠤ᠋ ᠰᠢᠶᠠᠩ ᠵᠠᠩᠵᠤᠨ ᠤ ᠡᠷᠡᠰ ᠬᠠᠲᠠᠭᠤ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠠᠷᠠᠳ ᠤᠨ ᠴᠠᠭᠳᠠᠭ᠎ᠠ ᠨᠠᠷ ᠠᠴᠠ ᠤᠷᠲᠤ ᠵᠠᠮ ᠤᠨ ᠠᠶᠠᠨ ᠳᠠᠶᠢᠨ ᠤ ᠤᠳᠠᠭ᠎ᠠ ᠪᠦᠷᠢ ᠶᠢᠨ ᠳᠠᠶᠢᠯᠠᠯᠳᠤᠭᠠᠨ᠂ ᠭᠤᠭᠴᠤᠭ᠎ᠠ ᠨᠢᠭᠡᠪᠦᠷᠢ ᠨᠢ ᠴᠥᠮ ᠥᠷᠭᠡᠨ ᠣᠯᠠᠨ ᠠᠷᠠᠳ ᠲᠦᠮᠡᠨ ᠤ ᠠᠰᠢᠭ ᠲᠤᠰᠠ ᠳᠤ ᠬᠤᠯᠪᠣᠭᠳᠠᠵᠤ᠂ ᠤᠯᠤᠰ ᠦᠨᠳᠦᠰᠦᠲᠡᠨ ᠤ ᠬᠤᠪᠢ ᠵᠠᠶᠠᠭᠠᠨ ᠤ ᠲᠤᠬᠠᠢ ᠲᠠᠶᠢᠯᠪᠤᠷᠢᠯᠠᠭᠴᠢ ᠶᠢᠨ ᠳᠠᠭᠤ ᠰᠡᠳᠬᠢᠯᠭᠡ ᠬᠤᠣᠰᠯᠠᠭᠰᠠᠨ ᠲᠠᠶᠢᠯᠪᠤᠷᠢᠯᠠᠯᠲᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠨᠢᠭᠡᠪᠦᠷᠢ ᠶᠢ ᠶᠡᠬᠡᠳᠡ ᠰᠣᠴᠢᠨ ᠭᠠᠶᠢᠬᠠᠭᠤᠯᠪᠠ᠃      ᠤᠷᠳᠤ ᠵᠠᠮ ᠤᠨ ᠠᠶᠠᠨ ᠲᠠᠶᠢᠨ ᠤ ᠵᠠᠮ ᠳᠠᠬᠢ ᠪᠡᠷᠬᠡ ᠪᠣᠭᠤᠮᠲᠠ ᠨᠢᠭᠡᠪᠦᠷᠢ ᠨᠢ ᠴᠥᠮ ᠨᠢᠭᠡᠨ ᠥᠷᠯᠥᠭ ᠬᠦᠰᠢᠶ᠎ᠡ ᠲᠤᠷᠠᠳᠬᠠᠯ ᠮᠥᠨ᠂ ᠤᠳᠠᠭ᠎ᠠ ᠪᠦᠷᠢ ᠶᠢᠨ ᠢᠯᠠᠯᠲᠠ ᠨᠢ ᠴᠥᠮ ᠪᠠᠯᠠᠷᠠᠰᠢ ᠦᠭᠡᠢ ᠭᠠᠪᠢᠶ᠎ᠠ ᠵᠢᠳᠬᠦᠯ ᠲᠠᠢ ᠶᠤᠮ᠂ ᠲᠡᠦᠬᠡ ᠶᠢᠨ ᠵᠢᠷᠤᠭ ᠳᠦᠷᠰᠦ᠂ ᠰᠡᠳᠬᠢᠯ ᠬᠥᠳᠡᠯᠭᠡᠮ᠎ᠡ ᠦᠢᠯᠡ ᠶᠠᠪᠤᠳᠠᠯ᠂ ᠤᠳᠠᠭ᠎ᠠ ᠳᠠᠷᠠᠭᠠᠯᠠᠨ ᠦᠷᠡᠭᠳᠡᠯ ᠭᠠᠷᠭᠠᠵᠤ ᠬᠤᠪᠢ ᠨᠡᠮᠡᠷᠢ ᠦᠵᠡᠭᠦᠯᠦᠨ᠂ ᠳᠤᠮᠳᠠᠳᠤ ᠤᠯᠤᠰ ᠤᠨ ᠬᠤᠪᠢᠰᠬᠠᠯᠲᠤ ᠵᠠᠰᠠᠭ ᠤᠨ ᠡᠷᠬᠡ ᠬᠢᠯᠪᠠᠷ ᠪᠤᠰᠤ ᠪᠠᠷ ᠢᠷᠡᠭᠰᠡᠨ᠂ ᠦᠵᠡᠰᠬᠦᠯᠡᠩᠲᠦ ᠰᠠᠶᠢᠬᠠᠨ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠠᠭᠤᠤ ᠶᠡᠭᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠬᠢᠯᠪᠠᠷ ᠪᠤᠰᠤ ᠪᠠᠷ ᠢᠷᠡᠭᠰᠡᠨ ᠭᠡᠳᠡᠭ ᠢ ᠤᠯᠠᠨ ᠳᠤ ᠭᠦᠨᠵᠡᠭᠡᠢ ᠲᠠᠨᠢᠭᠤᠯᠤᠭᠰᠠᠨ ᠪᠠᠶᠢᠨ᠎ᠠ᠃      ᠬᠠᠮᠤᠭ ᠰᠡᠭᠦᠯ ᠳᠤ᠂ ᠬᠠᠷᠠᠴᠢᠨ ᠬᠤᠰᠢᠭᠤᠨ ᠤ ᠯᠸᠢ ᠶᠢᠩᠽᠢ ᠪᠠᠯᠭᠠᠰᠤᠨ ᠤ ᠠᠭᠤᠳᠠᠮ ᠲᠠᠯᠠᠪᠠᠶ ᠳᠡᠭᠡᠷ᠎ᠡ᠂ ᠨᠠᠮ ᠤᠨ ᠡᠭᠦᠷ ᠤᠨ ᠱᠦᠵᠢ ᠼᠦᠢ ᠶᠠᠨ ᠹᠧᠩ ᠤᠨ ᠳᠠᠭᠠᠭᠤᠯᠭ᠎ᠠ ᠳᠤᠤᠷ᠎ᠠ᠂ ᠪᠥᠬᠦ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ᠃ ᠡᠨᠡ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠯᠠᠪᠲᠠᠢ ᠦᠷᠡᠭᠳᠡᠭᠰᠡᠨ ᠪᠠᠭᠠᠲᠤᠷᠴᠤᠳ ᠤᠨ ᠤᠯᠠ ᠮᠥᠷ ᠢ ᠡᠷᠢᠯᠬᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠤᠭ ᠪᠠᠳᠠᠷᠠᠩᠭᠤᠢ ᠵᠣᠷᠢᠭ ᠰᠠᠨᠠᠭ᠎ᠠ᠂ ᠣᠷᠭᠢᠯᠤᠮ᠎ᠠ ᠬᠠᠯᠠᠭᠤᠨ ᠠᠵᠢᠯ ᠤᠨ ᠤᠷᠮ᠎ᠠ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠰᠢᠯᠢᠳᠡᠭ ᠠᠮᠵᠢᠯᠲᠠ ᠪᠠᠷ ᠨᠠᠮ ᠤᠨ ᠢᠶᠠᠨ ᠠᠴᠢ ᠶᠢ ᠬᠠᠷᠢᠭᠤᠯᠵᠤ᠂ ᠠᠷᠠᠳ ᠲᠦᠮᠡᠨ ᠤ ᠪᠠᠨ ᠠᠴᠢ ᠶᠢ ᠬᠠᠷᠢᠭᠤᠯᠵᠤ᠂ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ 100 ᠵᠢᠯ ᠤᠨ ᠤᠢ ᠳᠤ ᠪᠡᠯᠡᠭ ᠬᠦᠷᠭᠡᠨ᠎ᠡ ᠭᠡᠵᠦ ᠢᠯᠡᠳᠬᠡᠵᠡᠭᠡᠪᠡ᠃ ︵ᠣᠩᠨᠢᠭᠤᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠤᠯᠠᠭᠠᠨᠬᠠᠳᠠ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ