ᠲᠥᠯᠥᠪᠦᠷᠢ ᠦᠭᠡᠢ ᠴᠢᠰᠤ ᠬᠠᠨᠳᠢᠪᠯᠠᠵᠤ ᠠᠭᠤᠤ ᠬᠠᠶᠢᠷ᠎ᠠ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2021/7/22
          ᠲᠥᠯᠥᠪᠦᠷᠢ ᠦᠭᠡᠢ ᠴᠢᠰᠤ ᠬᠠᠨᠳᠢᠪᠯᠠᠵᠤ ᠠᠭᠤᠤ ᠬᠠᠶᠢᠷ᠎ᠠ ᠶᠢ ᠳᠠᠮᠵᠢᠭᠤᠯᠪᠠ          7 ᠳ᠋ᠤᠭᠠᠷ ᠰᠠᠷ᠎ᠠ ᠶᠢᠨ 5 ᠤ ᠡᠳᠦᠷ ᠠᠴᠠ 14 ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠭᠤᠤᠯ ᠴᠢᠰᠤᠨ ᠥᠷᠲᠡᠭᠡ ᠮᠠᠨ ᠤ ᠬᠤᠰᠢᠭᠤᠨ ᠳᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠤᠯᠠᠮᠵᠢᠯᠠᠯᠲᠤ ᠰᠠᠶᠢᠬᠠᠨ ᠰᠤᠷᠲᠠᠯ ᠢ ᠢᠯᠡᠷᠡᠭᠦᠯᠬᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠬᠤ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠭᠡᠨ ᠣᠯᠠᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠦᠨ᠎ᠡ ᠲᠥᠯᠥᠪᠦᠷᠢ ᠥᠬᠡᠶ ᠪᠠᠷ ᠴᠢᠰᠤ ᠪᠠᠨ ᠬᠠᠨᠳᠢᠪᠯᠠᠵᠤ᠂ ᠣᠯᠠᠨ ᠢᠶᠠᠷ ᠢᠶᠠᠨ ᠴᠢᠯᠦᠭᠡ ᠵᠠᠪ ᠢᠶᠠᠨ ᠠᠰᠢᠭᠯᠠᠨ ᠲᠤᠬᠠᠶ ᠶᠢᠨ ᠲᠠᠯᠠᠪᠠᠶ ᠳᠤ ᠬᠦᠷᠴᠦ ᠴᠢᠰᠤ ᠪᠠᠨ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠢᠨ ᠬᠠᠷᠠᠮ ᠥᠬᠡᠶ ᠵᠣᠷᠢᠭᠤᠯᠬᠤ ᠴᠢᠩ ᠦᠨᠡᠨᠴᠢ ᠰᠡᠳᠬᠢᠯ ᠢ ᠢᠯᠡᠷᠡᠭᠦᠯᠪᠡ᠃    
     ᠡᠨᠡ ᠤᠳᠠᠭ᠎ᠠ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠨᠢ ᠠᠷᠠᠳ ᠤᠨ ᠴᠠᠭᠳᠠᠭ᠎ᠠ ᠶᠢᠨ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ᠂ ᠨᠡᠶᠢᠭᠡᠮ ᠢ ᠬᠠᠯᠠᠮᠵᠢᠯᠠᠬᠤ ᠲᠦᠭᠡᠮᠡᠯ ᠬᠠᠶᠢᠷ᠎ᠠ ᠶᠢᠨ ᠰᠡᠳᠬᠢᠯ ᠢ ᠢᠯᠡᠷᠡᠭᠦᠯᠵᠦ᠂ ᠥᠷᠭᠡᠨ ᠤᠯᠠᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠶᠢᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠬᠥᠭᠵᠢᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠳᠡᠮᠵᠢᠬᠦ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠪᠡ᠃ ᠴᠢᠰᠤ ᠬᠠᠨᠳᠢᠪᠯᠠᠬᠤ ᠳᠤ ᠣᠷᠣᠯᠴᠠᠭᠰᠠᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠬᠦ ᠳᠤ ᠪᠠᠨ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠨᠢ ᠨᠢᠭᠡ ᠬᠤᠪᠢ ᠬᠠᠶᠢᠷ᠎ᠠ ᠬᠠᠯᠠᠮᠵᠢ ᠡᠷᠭᠦᠬᠦ ᠲᠡᠳᠦᠶ ᠪᠢᠰᠢ᠂ ᠨᠠᠩ ᠴᠤ ᠮᠠᠨ ᠤ ᠬᠠᠷᠢᠭᠤᠴᠠᠯᠭ᠎ᠠ ᠪᠠ ᠡᠭᠦᠷᠭᠡ ᠮᠥᠨ ᠭᠡᠵᠡᠶ᠃ ︵ᠤᠷᠠᠳ ᠤᠨ ᠬᠤᠶᠢᠳᠤ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠪᠠᠶᠠᠨᠨᠠᠭᠤᠷ ᠬᠤᠲᠠ ᠶᠢᠨ ᠳᠤᠲᠤᠭᠠᠲᠦ ᠶᠢ ᠬᠠᠮᠠᠭᠠᠯᠠᠬᠤ ᠲᠤᠪᠴᠢᠶ᠎ᠠ