ᠠᠷᠠᠳ ᠤᠨ ᠴᠠᠭᠳᠠᠭ᠎ᠠ ᠪᠤᠯᠢᠶᠠᠭᠰᠠᠨ ᠬᠡᠷᠡᠭ ᠤᠨ ᠲᠠᠯᠠᠪᠠᠢ ᠶᠢ ᠬᠠᠶᠢᠨ ᠪᠠᠶᠢᠴᠠᠭᠠᠬᠤ ᠦᠶ᠎ᠡ ᠳᠤ ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠪᠤᠯᠢᠶᠠᠭᠰᠠᠨ ᠬᠡᠷᠡᠭ ᠤᠨ ᠲᠠᠯᠠᠪᠠᠢ ᠶᠢ          ᠬᠠᠶᠢᠨ ᠪᠠᠶᠢᠴᠠᠭᠠᠬᠤ ᠦᠶ᠎ᠡ ᠳᠤ ᠶᠠᠭᠠᠬᠢᠪᠠᠯ ᠵᠤᠬᠢᠬᠤ ᠪᠤᠢ︖          ︵ᠨᠢᠭᠡ︶ ᠲᠤᠬᠠᠶ ᠶᠢᠨ ᠲᠠᠯᠠᠪᠠᠢ ᠶᠢ ᠬᠠᠮᠠᠭᠠᠯᠠᠬᠤ᠄ ᠭᠤᠤᠯ ᠪᠣᠯᠬᠤ ᠬᠡᠷᠡᠭ ᠤᠨ ᠲᠠᠯᠠᠪᠠᠢ ᠠᠴᠠ ᠥᠷᠭᠡᠳᠭᠡᠨ ᠪᠦᠰᠡᠯᠡᠵᠦ᠂ ᠰᠡᠵᠢᠭᠳᠡᠨ ᠤ ᠳᠤᠲᠠᠭᠠᠬᠤ ᠴᠢᠭᠯᠡᠯ ᠳᠠᠭᠠᠤ᠂ ᠲᠤᠬᠠᠶ ᠶᠢᠨ ᠲᠠᠯᠠᠪᠤᠷ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃      ︵ᠬᠤᠶᠠᠷ︶ ᠪᠣᠳᠠᠰ ᠤᠨ ᠭᠡᠷᠡᠴᠢ ᠭᠠᠷᠭᠠᠵᠤ ᠠᠪᠬᠤ᠄ ᠦᠯᠡᠳᠡᠭᠳᠡᠯ ᠶᠠᠭᠤᠮ᠎ᠠ᠂ ᠬᠠᠶᠠᠭᠰᠠᠨ ᠶᠠᠭᠤᠮ᠎ᠠ᠂ ᠵᠠᠮ ᠬᠠᠷᠢᠯᠴᠠᠭᠠᠨ ᠤ ᠪᠠᠭᠠᠵᠢ ᠵᠡᠷᠭᠡ ᠬᠤᠯᠪᠣᠭᠳᠠᠯ ᠪᠦᠬᠦᠢ ᠡᠳ᠋ ᠪᠣᠳᠠᠰ ᠪᠠ ᠬᠦᠷᠳᠦ ᠶᠢᠨ ᠤᠷᠤᠮ ᠢ ᠣᠯᠵᠤ ᠮᠡᠳᠡᠬᠦ ᠪᠠ ᠭᠠᠷᠭᠠᠵᠤ ᠠᠪᠤᠨ᠎ᠠ᠃      ︵ᠭᠤᠷᠪᠠ︶ ᠠᠮᠢᠳᠤ ᠪᠣᠳᠠᠰ ᠤᠨ ᠭᠡᠷᠡᠴᠢ ᠭᠠᠷᠭᠠᠵᠤ ᠠᠪᠬᠤ᠄ ᠬᠡᠷᠪᠡ ᠬᠤᠣᠷᠯᠠᠭᠳᠠᠭᠴᠢ ᠶᠢᠨ ᠪᠡᠶ᠎ᠡ ᠪᠣᠯᠤᠨ ᠰᠡᠵᠢᠭᠳᠡᠨ ᠤ ᠪᠡᠶ᠎ᠡ ᠮᠠᠬᠠᠪᠤᠳ ᠲᠠᠢ ᠬᠠᠷᠢᠯᠴᠠᠪᠠᠯ᠂ ᠬᠤᠤᠷᠯᠠᠭᠳᠠᠭᠴᠢ ᠶᠢᠨ ᠬᠦᠷᠦᠯᠴᠡᠬᠦ ᠬᠡᠰᠡᠭ ᠪᠤᠶᠤ ᠣᠶᠢᠷ᠎ᠠ ᠬᠠᠪᠢ ᠠᠴᠠ ᠠᠮᠢᠳᠤ ᠪᠣᠳᠠᠰ ᠤᠨ ᠪᠣᠳᠠᠰ ᠤᠨ ᠭᠡᠷᠡᠴᠢ ᠶᠢ ᠣᠯᠵᠤ ᠮᠡᠳᠡᠬᠦ ᠶᠢ ᠠᠩᠬᠠᠷᠬᠤ ᠬᠡᠷᠡᠭᠳᠡᠢ᠃      ︵ᠳᠥᠷᠪᠡ︶ ᠰᠢᠷᠬ᠎ᠠ ᠶᠢᠨ ᠪᠠᠶᠢᠳᠠᠯ ᠢ ᠲᠤᠭᠳᠠᠪᠤᠷᠢᠵᠢᠭᠤᠯᠬᠤ᠄ ᠬᠡᠷᠪᠡ ᠬᠥᠮᠦᠨ ᠰᠢᠷᠬᠠᠲᠤᠭᠰᠠᠨ ᠪᠣᠯ ᠴᠠᠭ ᠲᠤᠬᠠᠶ ᠳᠤᠨᠢ ᠳᠡᠮᠳᠡᠭᠯᠡᠵᠦ ᠬᠢᠵᠦ᠂ ᠰᠡᠭᠦᠳᠡᠷ ᠲᠠᠲᠠᠵᠤ  ᠰᠢᠷᠬ᠎ᠠ ᠶᠢᠨ ᠪᠠᠶᠢᠳᠠᠯ ᠢ ᠬᠡᠮᠵᠢᠵᠦ ᠪᠤᠳᠠᠳᠠᠢ ᠲᠡᠮᠳᠡᠭᠯᠡᠨ᠎ᠡ᠃ ᠪᠠᠶᠢᠳᠠᠯ ᠪᠠᠴᠢᠮ ᠪᠠᠶᠢᠪᠠᠯ᠂ ᠲᠤᠬᠠᠶ ᠶᠢᠨ ᠲᠠᠯᠠᠪᠤᠷ ᠲᠤᠨᠢ ᠠᠪᠤᠷᠠᠨ ᠲᠤᠰᠠᠯᠠᠯᠲᠠ ᠬᠢᠨ᠎ᠡ᠃      ︵ᠲᠠᠪᠤ︶ ᠳᠦᠷᠰᠦ ᠰᠢᠩᠭᠡᠭᠡᠯᠲᠡ ᠶᠢ ᠰᠢᠯᠵᠢᠭᠦᠯᠦᠨ ᠠᠪᠬᠤ᠄ ᠬᠢᠨᠠᠨ ᠡᠵᠡᠮᠳᠡᠭᠦᠷ ᠲᠠᠬᠢ ᠳᠦᠷᠰᠦ ᠰᠢᠩᠭᠡᠭᠡᠯᠲᠡ ᠶᠢ ᠰᠢᠯᠵᠢᠭᠦᠯᠦᠨ ᠠᠪᠴᠤ᠂ ᠰᠡᠵᠢᠭᠳᠡᠨ ᠵᠢᠴᠢ ᠲᠡᠭᠦᠨ ᠤ ᠢᠷᠡᠬᠦ ᠵᠠᠮ ᠱᠤᠭᠤᠮ᠂ ᠰᠠᠭᠠᠭᠳᠠᠭᠰᠠᠨ ᠣᠷᠤᠨ ᠪᠠᠶᠢᠷᠢ ᠶᠢ ᠲᠣᠭᠲᠠᠭᠠᠨ᠎ᠠ᠃  
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ