ᠠᠷᠠᠳ ᠤᠨ ᠴᠠᠭᠳᠠᠭ᠎ᠠ ᠰᠥᠨᠢ ᠪᠤᠶᠤ ᠮᠠᠭᠤ ᠴᠠᠭ ᠠᠭᠤᠷ ᠤᠨ ᠨᠥᠬᠦᠴᠡᠯ ᠳᠣᠣᠷ᠎ᠠ ᠭᠡᠷ ᠤᠨ ᠭᠠᠳᠠᠨᠠᠬᠢ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠬᠢᠬᠦ ᠦᠶ᠎ᠡ ᠳᠤ ᠶᠠᠭᠠᠬᠢᠪᠠᠯ ᠵᠣᠬᠢᠬᠤ ᠪᠤᠢ︖
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠰᠥᠨᠢ ᠪᠤᠶᠤ ᠮᠠᠭᠤ ᠴᠠᠭ ᠠᠭᠤᠷ ᠤᠨ          ᠨᠥᠬᠦᠴᠡᠯ ᠳᠣᠣᠷ᠎ᠠ ᠭᠡᠷ ᠤᠨ ᠭᠠᠳᠠᠨᠠᠬᠢ ᠲᠤᠬᠠᠢ ᠶᠢᠨ ᠲᠠᠯᠠᠪᠠᠢ ᠶᠢᠨ          ᠬᠠᠶᠢᠨ ᠪᠠᠶᠢᠴᠠᠭᠠᠯᠲᠠ ᠬᠢᠬᠦ ᠦᠶ᠎ᠡ ᠳᠤ ᠶᠠᠭᠠᠬᠢᠪᠠᠯ ᠵᠣᠬᠢᠬᠤ ᠪᠤᠢ︖          ︵ᠨᠢᠭᠡ︶ ᠪᠦᠷᠢᠨ ᠭᠦᠢᠴᠡᠳ ᠲᠥᠬᠦᠭᠡᠷᠦᠮᠵᠢ ᠲᠣᠬᠢᠷᠠᠭᠤᠯᠬᠤ᠄ ᠰᠥᠨᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠪᠠ ᠪᠣᠷᠣᠭᠠᠨ ᠴᠠᠰᠤ ᠠᠴᠠ ᠰᠡᠷᠭᠡᠶᠢᠯᠡᠬᠦ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃      ︵ᠬᠤᠶᠠᠷ︶ ᠳᠠᠷᠤᠶ ᠲᠦᠷᠭᠡᠨ ᠬᠠᠷᠢᠭᠤ ᠲᠤᠰᠬᠠᠬᠤ᠄ ᠳᠠᠷᠤᠶ ᠲᠦᠷᠭᠡᠨ ᠲᠤᠬᠠᠶ ᠶᠢᠨ ᠲᠠᠯᠠᠪᠠᠢ ᠳᠤ ᠬᠦᠷᠴᠦ᠂ ᠰᠡᠷᠡᠮᠵᠢᠯᠡᠭᠦᠯᠬᠦ ᠣᠷᠣᠨ ᠢ ᠵᠠᠭᠠᠭᠯᠠᠨ ᠲᠣᠭᠲᠠᠭᠠᠨ᠎ᠠ᠃ ᠴᠠᠰᠤ ᠪᠣᠷᠣᠭᠠᠨ ᠢ ᠰᠡᠷᠭᠡᠶᠢᠯᠡᠬᠦ ᠲᠥᠬᠦᠭᠡᠷᠦᠮᠵᠢ ᠶᠢ ᠬᠡᠷᠡᠭᠯᠡᠨ ᠲᠤᠬᠠᠶ ᠶᠢᠨ ᠲᠠᠯᠠᠪᠤᠷ ᠢ ᠬᠠᠮᠠᠭᠠᠯᠠᠵᠤ᠂ ᠭᠡᠷᠡᠴᠢ ᠪᠠᠷᠢᠮᠲᠠ ᠶᠢᠨ ᠪᠤᠵᠠᠷᠳᠤᠬᠤ᠂ ᠤᠰᠠᠳᠤᠨ ᠭᠡᠭᠡᠭᠳᠡᠬᠦ ᠶᠢ ᠰᠡᠷᠭᠡᠶᠢᠯᠡᠨ᠎ᠡ᠃      ︵ᠭᠤᠷᠪᠠ︶ ᠠᠮᠤᠷ ᠲᠦᠪᠰᠢᠨ ᠢ ᠬᠠᠮᠠᠭᠠᠯᠠᠬᠤ᠄ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠣᠶᠢᠯᠲᠠ ᠶᠢᠨ ᠡᠯᠢᠭᠡᠪᠴᠢ ᠶᠢ ᠡᠮᠦᠰᠴᠦ᠂ ᠣᠶᠢᠯᠲᠠ ᠶᠢᠨ ᠱᠣᠪᠣᠭᠤᠷ ᠲᠦᠩᠰᠡ᠂ ᠠᠳᠡᠯ ᠤᠨ ᠭᠠᠵᠠᠷ ᠢᠶᠠᠷ ᠠᠭᠠᠵᠢᠮ ᠥᠩᠭᠡᠷᠡᠬᠦ ᠰᠡᠷᠡᠮᠵᠢ ᠶᠢᠨ ᠫᠠᠶᠢᠰᠠ ᠶᠢ ᠵᠠᠯᠭᠠᠭ᠎ᠠ ᠲᠠᠯᠪᠢᠵᠤ᠂ ᠰᠡᠷᠡᠮᠵᠢ ᠶᠢᠨ ᠳ᠋ᠧᠩ ᠪᠠ ᠠᠶᠤᠯ ᠲᠦᠭᠰᠢᠭᠦᠷᠢ ᠮᠡᠳᠡᠭᠦᠯᠬᠦ ᠭᠢᠯᠪᠠᠭᠠᠨ ᠳ᠋ᠧᠩ ᠢ ᠨᠡᠭᠡᠭᠡᠵᠦ᠂ ᠲᠤᠰᠬᠠᠶ ᠬᠥᠮᠦᠨ ᠵᠢᠭᠠᠨ ᠲᠣᠭᠲᠠᠭᠠᠵᠤ ᠪᠠᠶᠢᠭᠠᠳ ᠠᠳᠡᠯ ᠭᠠᠷᠤᠭᠰᠠᠨ ᠲᠤᠬᠠᠶ ᠶᠢᠨ ᠲᠠᠯᠠᠪᠠᠶ ᠳᠤ ᠲᠡᠷᠭᠡ ᠬᠥᠰᠬᠡ ᠶᠢ ᠨᠡᠪᠲᠡᠷᠡᠭᠦᠯᠬᠦ ᠪᠠ ᠠᠶᠤᠯ ᠦᠭᠡᠶ ᠶᠢᠨ ᠰᠡᠷᠡᠮᠵᠢᠯᠡᠭᠦᠯᠬᠦ ᠠᠵᠢᠯ ᠢ ᠬᠠᠷᠢᠭᠤᠴᠠᠭᠤᠯᠵᠤ᠂ ᠬᠤᠶᠠᠳᠤᠭᠠᠷ ᠤᠳᠠᠭ᠎ᠠ ᠠᠳᠡᠯ ᠡᠭᠦᠰᠬᠦ ᠶᠢ  ᠴᠢᠩᠭ᠎ᠠ ᠰᠡᠷᠭᠡᠶᠢᠯᠡᠬᠦ ᠬᠡᠷᠡᠭᠲᠡᠶ᠃      ︵ᠲᠥᠷᠪᠡ︶ ᠬᠠᠶᠢᠨ ᠪᠠᠶᠢᠴᠠᠭᠠᠬᠤ ᠳᠡᠰ ᠳᠠᠷᠠᠭᠠᠯᠠᠯ᠄ ᠤᠷᠢᠳᠠᠪᠠᠷ ᠲᠠᠶᠢᠪᠤᠩ ᠪᠠᠶᠢᠳᠠᠯ ᠠᠴᠠ ᠬᠥᠳᠡᠯᠦᠩᠭᠦᠶ ᠪᠠᠶᠢᠳᠠᠯ᠂ ᠤᠷᠢᠳᠠᠪᠠᠷ ᠬᠤᠬᠢᠷᠠᠯ ᠦᠭᠡᠢ ᠠᠴᠠ ᠳᠠᠷᠠᠭ᠎ᠠ ᠨᠢ ᠬᠤᠬᠢᠷᠠᠯ ᠲᠠᠢ ᠶᠢ ᠪᠠᠶᠢᠴᠠᠭᠠᠬᠤ ᠵᠠᠷᠴᠢᠮ ᠤᠨ ᠶᠣᠰᠣᠭᠠᠷ ᠡᠮᠬᠢ ᠵᠢᠷᠤᠮ ᠲᠠᠢ ᠬᠠᠶᠢᠨ ᠪᠠᠶᠢᠴᠠᠭᠠᠨ᠎ᠠ᠃      ︵ᠲᠠᠪᠤ︶ ᠲᠦᠷᠭᠡᠨ ᠬᠠᠶᠢᠨ ᠪᠠᠶᠢᠴᠠᠭᠠᠬᠤ᠄ ᠬᠠᠶᠢᠨ ᠪᠠᠶᠢᠴᠠᠭᠠᠬᠤ ᠬᠤᠷᠳᠤᠴᠠ ᠶᠢ ᠲᠦᠷᠭᠡᠳᠬᠡᠵᠦ᠂ ᠬᠠᠶᠢᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ