ᠠᠷᠠᠳ ᠤᠨ ᠴᠠᠭᠳᠠᠭ᠎ᠠ ᠰᠥᠨᠢ ᠳᠦᠯᠢ ᠪᠠᠷ ᠲᠤᠬᠠᠶ ᠶᠢᠨ ᠲᠠᠯᠠᠪᠤᠷ ᠲᠤ ᠰᠡᠵᠢᠭᠳᠡᠨ ᠢ ᠪᠠᠷᠢᠪᠴᠢᠯᠠᠬᠤ ᠳᠤ᠂ ᠶᠠᠭᠠᠬᠢᠪᠠᠯ ᠵᠣᠬᠢᠬᠤ ᠪᠤᠶ︖ ᡼
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠰᠥᠨᠢ ᠳᠦᠯᠢ ᠪᠠᠷ ᠲᠤᠬᠠᠶ ᠶᠢᠨ ᠲᠠᠯᠠᠪᠤᠷ ᠲᠤ          ᠰᠡᠵᠢᠭᠳᠡᠨ ᠢ ᠪᠠᠷᠢᠪᠴᠢᠯᠠᠬᠤ ᠳᠤ᠂ ᠶᠠᠭᠠᠬᠢᠪᠠᠯ ᠵᠣᠬᠢᠬᠤ ᠪᠤᠶ︖ ᡼          ︵ᠨᠢᠭᠡ︶ ᠲᠤᠬᠠᠶ ᠶᠢᠨ ᠲᠠᠯᠠᠪᠤᠷ ᠢ ᠲᠤᠷᠰᠢᠨ ᠪᠠᠶᠢᠴᠠᠭᠠᠬᠤ᠄ ᠲᠤᠬᠠᠶ ᠶᠢᠨ ᠲᠠᠯᠠᠪᠠᠢ ᠶᠢᠨ ᠭᠠᠵᠠᠷ ᠵᠦᠶ ᠶᠢᠨ ᠪᠠᠶᠢᠷᠢᠯᠠᠯ᠂ ᠡᠷᠭᠢᠨ ᠲᠣᠭᠤᠷᠢᠨ ᠤ ᠣᠷᠴᠢᠨ  ᠠᠬᠤᠢ ᠳᠤ ᠲᠤᠬᠠᠶ ᠶᠢᠨ ᠲᠠᠯᠠᠪᠠᠢ ᠶᠢᠨ ᠲᠤᠷᠰᠢᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠠᠢ ᠶᠢᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠬᠦ ᠬᠡᠷᠡᠭᠲᠡᠶ᠃      ︵ᠬᠤᠶᠠᠷ︶ ᠲᠤᠰᠠᠯᠠᠮᠵᠢ ᠭᠤᠶᠤᠴᠢᠯᠠᠵᠤ ᠬᠠᠷᠢᠭᠤ ᠲᠤᠰᠬᠠᠬᠤ᠄ ᠵᠢᠯᠣᠭᠤᠳᠬᠤ ᠲᠥᠪ ᠲᠤ ᠮᠡᠳᠡᠭᠦᠯᠵᠦ᠂ ᠲᠤᠰᠠᠯᠠᠮᠵᠢ ᠭᠤᠶᠤᠴᠢᠯᠠᠨ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠵᠦ᠂ ᠴᠠᠭᠳᠠᠭᠠᠨ ᠤ ᠵᠡᠪᠰᠡᠭ ᠪᠠ ᠰᠥᠨᠢ ᠬᠠᠷᠠᠬᠤ ᠪᠠᠭᠠᠵᠢ᠂ ᠭᠡᠷᠡᠯᠲᠦᠭᠦᠯᠬᠦ ᠳ᠋ᠧᠩ ᠵᠡᠷᠭᠡ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠪᠦᠷᠢᠨ ᠳᠣᠬᠢᠷᠠᠭᠤᠯᠤᠨ᠎ᠠ᠃      ︵ᠭᠤᠷᠪᠠ︶ ᠪᠠᠶᠢᠷᠢᠯᠠᠭᠤᠯᠤᠨ ᠰᠢᠢᠳᠪᠦᠷᠢᠯᠡᠬᠦ᠄ ᠴᠠᠭᠳᠠᠭᠠᠨ  ᠤ  ᠬᠦᠴᠦᠨ  ᠢ  ᠵᠦᠶ  ᠵᠣᠬᠢᠰᠲᠠᠶ  ᠪᠠᠶᠢᠷᠢᠯᠠᠭᠤᠯᠵᠤ᠂ ᠳᠤᠲᠠᠭᠠᠵᠤ ᠮᠡᠳᠡᠬᠦ ᠵᠠᠮ ᠱᠤᠭᠤᠮ ᠢ ᠬᠠᠷᠠᠵᠤ ᠰᠠᠬᠢᠬᠤ ᠪᠠᠷ ᠲᠣᠬᠢᠷᠠᠭᠤᠯᠬᠤ ᠬᠡᠷᠡᠭᠲᠡᠶ᠃ ᠰᠡᠵᠢᠭᠳᠡᠨ ᠢ ᠠᠯᠢ ᠴᠢᠳᠠᠬᠤ ᠪᠠᠷ ᠨᠢᠭᠤᠴᠠ ᠪᠠᠷ ᠲᠤᠰᠴᠤ ᠲᠥᠭᠡᠷᠢᠭᠳᠡᠭᠦᠯᠵᠦ᠂ ᠣᠶᠢᠷᠠᠳᠤᠭᠰᠠᠨ ᠨᠦᠬᠦᠴᠡᠯ ᠲᠣᠤᠷ᠎ᠠ ᠪᠠᠷᠢᠪᠴᠢᠯᠠᠨ᠎ᠠ᠃ ᠡᠭᠦᠨ ᠤ ᠬᠠᠮᠲᠤ᠂ ᠰᠡᠳᠭᠢᠯ ᠨᠢᠭᠡᠳᠡᠢ ᠬᠠᠮᠵᠢᠯᠴᠠᠨ ᠠᠵᠢᠯᠯᠠᠬᠤ ᠶᠢ ᠴᠢᠬᠤᠯᠠᠴᠢᠯᠠᠨ᠎ᠠ᠃      ︵ᠲᠦᠷᠪᠡ︶ ᠪᠠᠭᠠᠵᠢ ᠵᠡᠪᠰᠡᠭ ᠬᠡᠷᠡᠭᠯᠡᠬᠦ᠄ ᠴᠠᠭᠳᠠᠭᠠᠨ ᠤ ᠵᠡᠪᠰᠡᠭ ᠲᠣᠨᠣᠭᠯᠠᠯ ᠢ ᠴᠢᠩᠭ᠎ᠠ ᠬᠡᠷᠡᠭᠯᠡᠵᠦ᠂ ᠠᠳᠡᠭᠳᠡᠵᠦ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠶ᠃  
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ