ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠲᠡᠷᠭᠡ ᠵᠢᠯᠣᠭᠤᠳᠤᠭᠰᠠᠨ ᠰᠡᠵᠢᠭᠳᠡᠨ ᠢ ᠪᠠᠷᠢᠪᠴᠢᠯᠠᠬᠤ ᠥᠶ᠎ᠡ ᠳᠤ᠂ ᠶᠠᠭᠠᠬᠢᠪᠠᠯ ᠵᠣᠬᠢᠬᠤ ᠪᠣᠶ︖
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠲᠡᠷᠭᠡ ᠵᠢᠯᠣᠭᠤᠳᠤᠭᠰᠠᠨ          ᠰᠡᠵᠢᠭᠳᠡᠨ ᠢ ᠪᠠᠷᠢᠪᠴᠢᠯᠠᠬᠤ ᠥᠶ᠎ᠡ ᠳᠤ᠂ ᠶᠠᠭᠠᠬᠢᠪᠠᠯ ᠵᠣᠬᠢᠬᠤ ᠪᠣᠶ︖          ︵ᠨᠢᠭᠡ︶ ᠨᠢᠭᠲᠠ ᠴᠢᠩᠭ᠎ᠠ ᠪᠠᠶᠢᠷᠢᠯᠠᠭᠤᠯᠤᠨ ᠡᠵᠡᠮᠳᠡᠬᠦ᠄ ᠲᠤᠬᠠᠶ ᠶᠢᠨ ᠲᠠᠯᠠᠪᠠᠢ ᠶᠢᠨ ᠲᠤᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠳᠤᠲᠠᠭᠠᠵᠤ ᠮᠡᠳᠡᠬᠦ ᠵᠠᠮ᠂ ᠵᠠᠮ ᠤᠨ ᠠᠭᠤᠯᠵᠠᠷ ᠲᠤ ᠵᠠᠮ ᠤᠨ ᠰᠠᠭᠠᠳ᠂ ᠬᠦᠷᠳᠦ ᠳᠡᠯᠪᠡᠷᠡᠭᠦᠯᠬᠦ ᠪᠠᠭᠠᠵᠢ ᠵᠡᠷᠭᠡ ᠲᠡᠷᠭᠡ ᠬᠤᠷᠢᠭᠯᠠᠬᠤ ᠲᠥᠬᠦᠭᠡᠷᠦᠮᠵᠢ ᠲᠣᠬᠢᠷᠠᠭᠤᠯᠵᠤ᠂ ᠳᠤᠲᠠᠭᠠᠬᠤ ᠶᠢ ᠰᠡᠷᠭᠡᠶᠢᠯᠡᠨ᠎ᠡ᠃     ︵ᠬᠤᠶᠠᠷ︶ ᠤᠯᠠᠨ ᠨᠡᠶᠢᠳᠡ ᠶᠢ ᠲᠠᠷᠬᠠᠭᠠᠬᠤ᠄ ᠲᠤᠬᠠᠶ ᠶᠢᠨ ᠭᠠᠵᠠᠷ ᠤᠨ ᠡᠷᠬᠢᠨ ᠲᠣᠭᠤᠷᠢᠨ ᠤ ᠤᠯᠠᠨ ᠨᠡᠶᠢᠳᠡ ᠶᠢ ᠲᠠᠷᠬᠠᠭᠠᠵᠤ᠂ ᠲᠠᠭᠠᠷᠢᠯᠳᠠ ᠳᠤ ᠤᠴᠠᠷᠠᠨ ᠰᠢᠷᠬᠠᠲᠤᠬᠤ ᠠᠴᠠ ᠰᠡᠷᠭᠡᠶᠢᠯᠡᠨ᠎ᠡ᠃     ︵ᠭᠤᠷᠪᠠ︶ ᠠᠶᠤᠯ ᠲᠦᠭᠰᠢᠭᠦᠷᠢ ᠳᠤ ᠬᠤᠯᠪᠣᠭᠳᠠᠭᠰᠠᠨ ᠢ ᠪᠣᠯᠭᠤᠮᠵᠢᠲᠠᠶ ᠨᠡᠬᠡᠮᠵᠢᠯᠡᠬᠦ᠄ ᠬᠥᠮᠦᠨ ᠬᠠᠷ᠎ᠠ ᠣᠯᠠᠨ᠂ ᠵᠠᠮ ᠤᠨ ᠪᠠᠶᠢᠳᠠᠯ ᠪᠤᠳᠤᠯᠢᠶᠠᠨᠲᠠᠶ ᠥᠶ᠎ᠡ ᠳᠤ᠂ ᠠᠯᠢ ᠴᠢᠳᠠᠬᠤ ᠪᠠᠷ ᠲᠡᠷᠭᠡ ᠶᠢ ᠳᠠᠭᠠᠵᠤ ᠨᠡᠬᠡᠬᠦ ᠠᠴᠠ ᠵᠠᠶᠢᠯᠠᠰᠬᠢᠨ᠎ᠡ᠂ ᠲᠡᠷᠭᠡ ᠬᠥᠰᠬᠡ ᠶᠢᠨ ᠡᠵᠡᠮᠳᠡᠯ ᠢᠶᠠᠨ ᠠᠯᠳᠠᠬᠤ ᠪᠤᠶᠤ ᠰᠡᠵᠢᠭᠳᠡᠨ ᠤ ᠠᠶᠤᠯ ᠢ ᠰᠥᠷᠴᠦ ᠠᠶᠤᠯ ᠠᠴᠠ ᠮᠤᠯᠲᠤᠷᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠶ᠃     ︵ᠳᠥᠷᠪᠡ︶ ᠲᠤᠰᠠᠯᠠᠮᠵᠢ ᠭᠤᠶᠤᠴᠢᠯᠠᠬᠤ ᠬᠠᠷᠢᠭᠤ ᠲᠤᠰᠬᠠᠬᠤ᠄ ᠲᠡᠷᠭᠡᠨ ᠬᠡᠯᠪᠡᠷᠢ᠂ ᠲᠡᠷᠭᠡᠨ ᠫᠠᠶᠢᠰᠠ᠂ ᠲᠡᠷᠭᠡᠨ ᠳᠣᠲᠣᠷᠠᠬᠢ ᠬᠥᠮᠦᠰ ᠤᠨ ᠤᠨᠴᠠᠯᠢᠭ᠂ ᠳᠤᠲᠠᠭᠠᠬᠤ ᠴᠢᠭᠯᠡᠯ ᠪᠠ ᠲᠤᠬᠠᠶ ᠶᠢᠨ ᠴᠠᠭ ᠤᠨ ᠪᠠᠶᠢᠷᠢ ᠵᠡᠷᠭᠡ ᠦᠨᠳᠦᠰᠦᠨ ᠪᠠᠶᠢᠳᠠᠯ ᠢᠶᠠᠨ ᠵᠢᠯᠤᠭᠤᠳᠬᠤ ᠲᠥᠪ ᠲᠤ ᠮᠡᠳᠡᠭᠦᠯᠬᠦ ᠬᠡᠷᠡᠭᠲᠡᠶ᠃ ᠴᠠᠭᠳᠠᠭᠠᠨ ᠤ ᠬᠦᠴᠦᠨ ᠢ ᠠᠯᠢ ᠴᠢᠳᠠᠬᠤ ᠪᠠᠷ ᠠᠮᠤᠷ ᠲᠦᠪᠰᠢᠨ ᠣᠷᠣᠨ ᠪᠦᠰᠡ ᠳᠤ ᠪᠠᠶᠢᠷᠢᠯᠠᠭᠤᠯᠵᠤ ᠪᠠᠶᠢᠴᠠᠭᠠᠨ ᠪᠠᠷᠢᠪᠴᠢᠯᠠᠬᠤ ᠬᠡᠷᠡᠭᠳᠡᠢ᠃     ︵ᠲᠠᠪᠤ︶ ᠡᠷᠡᠰ ᠲᠠᠰᠤ ᠰᠢᠢᠳᠪᠦᠷᠢᠯᠡᠬᠦ᠄ ᠵᠣᠷᠢᠭᠤᠳᠠ ᠲᠡᠷᠭᠡ ᠵᠢᠯᠣᠭᠤᠳᠴᠤ ᠬᠥᠮᠦᠰ ᠢ ᠮᠥᠷᠭᠦᠬᠦ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ᠂ ᠰᠦᠷᠳᠡᠭᠦᠯᠦᠯ ᠤᠨ ᠳᠠᠭᠠᠷᠢᠯᠲᠠ ᠬᠢᠬᠦ ᠪᠤᠶᠤ ᠲᠡᠷᠭᠡ ᠬᠥᠰᠬᠡ ᠳᠤᠲᠠᠭᠠᠭᠰᠠᠨ ᠤ ᠳᠠᠷᠠᠭ᠎ᠠ ᠨᠠᠩ ᠬᠦᠨᠳᠦ ᠨᠣᠴᠢᠲᠠᠶ ᠦᠷ᠎ᠡ ᠤᠷᠰᠢᠭ ᠲᠠᠲᠠᠬᠤ ᠥᠶ᠎ᠡ ᠳᠤ᠂ ᠡᠷᠡᠰ ᠰᠢᠭᠤᠷᠬᠠᠶ ᠪᠠᠷ ᠵᠡᠪᠰᠡᠭ ᠬᠡᠷᠡᠭᠯᠡᠵᠦ᠂ ᠬᠠᠤᠯᠢ ᠶᠣᠰᠣᠭᠠᠷ ᠰᠢᠢᠳᠪᠦᠷᠢᠯᠡᠨ᠎ᠡ᠃     ︵ᠵᠢᠷᠭᠤᠭ᠎ᠠ︶ ᠪᠠᠶᠢᠯᠳᠤᠬᠤ ᠠᠷᠭ᠎ᠠ ᠵᠦᠶ ᠵᠣᠬᠢᠰᠲᠠᠶ ᠪᠠᠶᠢᠬᠤ᠄ ᠲᠡᠷᠭᠡ ᠬᠥᠰᠬᠡ ᠶᠢ ᠬᠠᠰᠢᠵᠤ ᠵᠣᠭᠰᠣᠭᠠᠬᠤ ᠦᠶᠡᠰ᠂ ᠠᠷᠠᠳ ᠤᠨ ᠴᠠᠭᠳᠠᠭ᠎ᠠ ᠵᠣᠬᠢᠰᠲᠠᠶ ᠵᠣᠭᠰᠣᠴᠠ ᠪᠠᠷ ᠲᠡᠷᠭᠡ ᠶᠢ ᠪᠠᠶᠢᠴᠠᠭᠠᠬᠤ ᠶᠢᠨ ᠬᠠᠮᠲᠤ ᠰᠣᠨᠣᠷ ᠰᠡᠷᠡᠮᠵᠢ ᠲᠠᠢ ᠪᠠᠶᠢᠬᠤ ᠬᠡᠷᠡᠭᠳᠡᠢ᠃ ᠬᠡᠷᠪᠡ ᠬᠠᠰᠢᠯᠲᠠ ᠶᠢ ᠳᠠᠭᠠᠷᠢᠬᠤ ᠥᠶ᠎ᠡ ᠳᠤ ᠠᠷᠠᠳ ᠤᠨ ᠴᠠᠭᠳᠠᠭ᠎ᠠ ᠪᠡᠶ᠎ᠡ ᠪᠠᠷ ᠢᠶᠠᠨ ᠬᠠᠰᠢᠨ ᠬᠤᠷᠢᠭᠯᠠᠵᠤ ᠪᠣᠯᠬᠤ ᠦᠭᠡᠢ᠂ ᠶᠠᠭᠤᠨ ᠤ ᠤᠷᠢᠳ ᠲᠡᠷᠭᠡ ᠬᠤᠷᠢᠭᠯᠠᠬᠤ ᠮᠠᠰᠢᠨ ᠢ ᠳᠠᠷᠦ᠋ᠢᠬᠠᠨ ᠬᠦᠳᠡᠯᠭᠡᠵᠦ᠂ ᠬᠠᠰᠢᠯᠲᠠ ᠶᠢ ᠲᠠᠭᠠᠷᠢᠵᠤ ᠪᠠᠶᠢᠭ᠎ᠠ ᠲᠡᠷᠭᠡ ᠶᠢ ᠬᠠᠰᠢᠵᠤ᠂ ᠲᠡᠷᠭᠡ ᠬᠥᠰᠬᠡ ᠶᠢ ᠬᠠᠰᠢᠭᠰᠠᠨ ᠤ ᠳᠠᠷᠠᠭ᠎ᠠ᠂ ᠠᠮᠤᠷ ᠲᠦᠪᠰᠢᠨ ᠤ ᠵᠠᠶ ᠶᠢ ᠪᠠᠲᠤᠯᠠᠵᠤ᠂ ᠵᠦᠶ ᠵᠣᠬᠢᠰᠲᠠᠶ ᠵᠤᠭᠰᠤᠵᠤ ᠠᠵᠢᠯ ᠢᠶᠠᠨ ᠬᠤᠪᠢᠶᠠᠷᠢᠯᠠᠵᠤ᠂ ᠰᠣᠬᠤᠷ ᠪᠠᠯᠠᠶ ᠪᠠᠷ ᠣᠶᠢᠷᠠᠳᠤᠬᠤ ᠶᠢ ᠴᠢᠩᠭ᠎ᠠ ᠴᠡᠭᠡᠷᠯᠡᠬᠦ ᠬᠡᠷᠡᠭᠲᠡᠶ  ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ