ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠵᠡᠪᠰᠡᠭ᠂ ᠳᠡᠯᠪᠡᠷᠡᠬᠦ ᠪᠣᠳᠠᠰ ᠪᠤᠶᠤ ᠪᠤᠰᠤᠳ ᠶᠠᠷᠭᠠᠯᠠᠬᠤ ᠵᠡᠪᠰᠡᠭ ᠠᠪᠴᠤ ᠶᠠᠪᠤᠭ᠎ᠠ ᠰᠡᠵᠢᠭᠯᠡᠯᠲᠡᠶ ᠬᠥᠮᠦᠨ ᠢ ᠪᠠᠷᠢᠪᠴᠢᠯᠠᠬᠤ ᠦᠶ᠎ᠡ ᠳᠤ᠂ ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠵᠡᠪᠰᠡᠭ᠂ ᠳᠡᠯᠪᠡᠷᠡᠬᠦ          ᠪᠣᠳᠠᠰ ᠪᠤᠶᠤ ᠪᠤᠰᠤᠳ ᠶᠠᠷᠭᠠᠯᠠᠬᠤ ᠵᠡᠪᠰᠡᠭ ᠠᠪᠴᠤ ᠶᠠᠪᠤᠭ᠎ᠠ ᠰᠡᠵᠢᠭᠯᠡᠯᠲᠡᠶ          ᠬᠥᠮᠦᠨ ᠢ ᠪᠠᠷᠢᠪᠴᠢᠯᠠᠬᠤ ᠦᠶ᠎ᠡ ᠳᠤ᠂ ᠶᠠᠭᠠᠬᠢᠪᠠᠯ ᠵᠤᠬᠢᠬᠤ ᠪᠤᠢ︖          ︵ᠨᠢᠭᠡ︶ ᠲᠤᠰᠠᠯᠠᠮᠵᠢ ᠭᠤᠶᠤᠴᠢᠯᠠᠨ ᠬᠠᠷᠢᠭᠤ ᠲᠤᠰᠬᠠᠬᠤ᠄ ᠵᠢᠯᠣᠭᠤᠳᠬᠤ ᠲᠥᠪ ᠤᠨ ᠲᠤᠰᠠᠯᠠᠮᠵᠢ ᠶᠢ ᠳᠠᠷᠤᠶ ᠲᠦᠷᠭᠡᠨ ᠭᠤᠶᠤᠴᠢᠯᠠᠵᠤ᠂ ᠳᠠᠪᠠᠭᠤᠯᠢᠭ ᠴᠠᠭᠳᠠᠭᠠᠨ ᠤ ᠬᠦᠴᠦᠨ ᠪᠠ ᠴᠢᠬᠤᠯᠠ ᠪᠦᠬᠦᠢ ᠲᠣᠨᠣᠭᠯᠠᠯ ᠢ ᠲᠣᠬᠢᠷᠠᠭᠤᠯᠬᠤ ᠬᠡᠷᠡᠭᠲᠡᠶ᠃      ︵ᠬᠤᠶᠠᠷ︶ ᠠᠮᠤᠷ ᠲᠦᠪᠰᠢᠨ ᠢᠶᠠᠨ ᠠᠩᠬᠠᠷᠬᠤ᠄ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠠᠯᠢ ᠴᠢᠳᠠᠬᠤ ᠪᠠᠷ ᠪᠠᠷᠢᠪᠴᠢᠯᠠᠵᠤ ᠦᠭᠡᠶ ᠪᠠᠶᠢᠵᠤ᠂  ᠪᠠᠷᠢᠪᠴᠢᠯᠠᠬᠤ ᠭᠠᠵᠠᠷ ᠢ ᠶᠡᠷᠦ ᠳᠤ ᠪᠠᠨ ᠡᠵᠡᠮᠳᠡᠬᠦ ᠳᠤ ᠳᠥᠭᠦᠮ ᠣᠷᠣᠨ ᠢ ᠰᠣᠩᠭᠤᠬᠤ ᠬᠡᠷᠡᠭᠲᠡᠢ᠃ ᠠᠯᠢ ᠴᠢᠳᠠᠬᠤ ᠪᠠᠷ ᠨᠢᠭᠤᠴᠠ ᠪᠠᠷ ᠪᠠᠷᠢᠪᠴᠢᠯᠠᠬᠤ ᠠᠷᠭ᠎ᠠ ᠮᠠᠶ᠋ᠢᠭ ᠢ ᠠᠪᠴᠤ᠂ ᠠᠮᠵᠢᠯᠳᠠᠳᠠᠢ ᠪᠠᠷᠢᠪᠴᠢᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃      ︵ᠭᠤᠷᠪᠠ︶ ᠰᠦᠷᠳᠡᠭᠦᠯᠬᠦ ᠶᠢ ᠲᠣᠭᠲᠠᠭᠤᠨ ᠢᠶᠠᠷ ᠡᠵᠡᠮᠳᠡᠬᠦ᠄ ᠰᠡᠵᠢᠭᠯᠡᠯᠲᠡᠶ ᠬᠥᠮᠦᠰ ᠢ ᠨᠢᠭᠲᠠ ᠬᠢᠨᠠᠨ ᠡᠵᠡᠮᠳᠡᠵᠦ᠂ ᠬᠠᠰᠬᠢᠷᠴᠤ ᠬᠥᠮᠦᠵᠢᠯ ᠬᠢᠬᠦ ᠪᠠᠷ ᠳᠠᠮᠵᠢᠭᠤᠯᠤᠨ ᠤᠷᠮ᠎ᠠ ᠰᠡᠳᠬᠢᠯᠭᠡ ᠶᠢ ᠨᠢ ᠲᠣᠭᠲᠠᠭᠤᠨ ᠪᠠᠶᠢᠯᠭᠠᠬᠤ᠂ ᠴᠠᠭᠳᠠᠭ᠎ᠠ ᠶᠢᠨ ᠬᠦᠴᠦᠨ ᠢᠶᠠᠷ ᠰᠦᠷᠳᠡᠭᠦᠯᠦᠨ ᠢᠳᠬᠠᠬᠤ ᠪᠠᠷ ᠳᠠᠮᠵᠢᠨ ᠵᠡᠪᠰᠡᠭ ᠢ ᠨᠢ ᠥᠪᠡᠷᠲᠡᠭᠡᠨ ᠲᠤᠰᠢᠶᠠᠯᠭᠠᠨ᠎ᠠ᠃      ︵ᠲᠦᠷᠪᠡ︶ ᠡᠷᠡᠰ ᠲᠠᠰᠤ ᠰᠢᠢᠳᠪᠦᠷᠢᠯᠡᠬᠦ᠄ ᠴᠠᠭᠳᠠᠭᠠᠨ ᠤ ᠵᠡᠪᠰᠡᠭ ᠲᠣᠨᠣᠭᠯᠠᠯ ᠢ ᠡᠷᠡᠰ ᠲᠠᠰᠤ ᠬᠡᠷᠡᠭᠯᠡᠵᠦ᠂ ᠬᠠᠤᠯᠢ ᠶᠣᠰᠣᠭᠠᠷ ᠰᠢᠢᠳᠪᠦᠷᠢᠯᠡᠨ᠎ᠡ᠃    
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ