ᠠᠷᠠᠳ ᠤᠨ ᠴᠠᠭᠳᠠᠭ᠎ᠠ ᠶᠡᠷᠦ ᠳᠤ ᠪᠠᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠦᠮᠦᠨ ᠢ ᠪᠠᠷᠢᠪᠴᠢᠯᠠᠬᠤ ᠦᠶ᠎ᠡ ᠳᠤ ᠶᠠᠭᠠᠬᠢᠪᠠᠯ ᠵᠣᠬᠢᠬᠤ ᠪᠣᠢ︖
ᠨᠡᠶᠢᠲᠡᠯᠡᠭᠰᠡᠨ ᠴᠠᠭ᠄
2021/7/28
         ᠠᠷᠠᠳ ᠤᠨ ᠴᠠᠭᠳᠠᠭ᠎ᠠ ᠶᠡᠷᠦ ᠳᠤ ᠪᠠᠨ ᠬᠠᠤᠯᠢ ᠶᠢ ᠵᠥᠷᠢᠴᠡᠵᠦ ᠶᠠᠯ᠎ᠠ ᠬᠢᠭᠰᠡᠨ          ᠰᠡᠵᠢᠭᠯᠡᠯᠲᠡᠢ ᠬᠦᠮᠦᠨ ᠢ ᠪᠠᠷᠢᠪᠴᠢᠯᠠᠬᠤ ᠦᠶ᠎ᠡ ᠳᠤ ᠶᠠᠭᠠᠬᠢᠪᠠᠯ ᠵᠣᠬᠢᠬᠤ ᠪᠣᠢ︖          ︵ᠨᠢᠭᠡ︶ ᠲᠤᠬᠠᠶ ᠶᠢᠨ ᠲᠠᠯᠠᠪᠠᠢ ᠶᠢ ᠲᠤᠷᠰᠢᠨ ᠪᠠᠶᠢᠴᠠᠭᠠᠬᠤ᠄ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠦᠰ ᠢ ᠨᠠᠷᠢᠨ ᠬᠢᠨᠠᠮᠠᠭᠠᠢ ᠲᠣᠷᠰᠢᠨ ᠪᠠᠶᠢᠴᠠᠭᠠᠵᠤ᠂ ᠰᠡᠵᠢᠭᠯᠡᠯᠲᠡᠢ ᠬᠦᠮᠦᠰ ᠤᠨ ᠲᠤᠭ᠎ᠠ ᠬᠡᠮᠵᠢᠶ᠎ᠡ᠂ ᠣᠨᠴᠠᠯᠢᠭ ᠰᠢᠨᠵᠢ᠂ ᠪᠠᠶᠢᠭ᠎ᠠ ᠣᠷᠣᠨ ᠪᠠᠶᠢᠷᠢ᠂ ᠠᠵᠢᠯᠯᠠᠭᠠᠨ ᠤ ᠵᠠᠮ ᠮᠥᠷ ᠢ ᠪᠠᠶᠢᠴᠠᠭᠠᠨ ᠲᠣᠳᠣᠯᠠᠬᠤ᠂ ᠶᠠᠷᠭᠠᠯᠠᠬᠤ ᠪᠠᠭᠠᠵᠢ ᠪᠠ ᠫᠤᠤ ᠵᠡᠪᠰᠡᠭ ᠪᠠᠶᠢᠬᠤ ᠡᠰᠡᠬᠦ ᠶᠢ ᠪᠠᠶᠢᠴᠠᠭᠠᠨ ᠲᠣᠳᠣᠯᠠᠨ᠎ᠠ᠃      ︵ᠬᠤᠶᠠᠷ︶ ᠲᠤᠰᠠᠯᠠᠮᠵᠢ ᠭᠤᠶᠤᠬᠤ ᠪᠠᠷ ᠬᠠᠷᠢᠭᠤ ᠲᠤᠰᠬᠠᠬᠤ᠄ ᠲᠤᠬᠠᠶ ᠶᠢᠨ ᠲᠠᠯᠠᠪᠠᠢ ᠶᠢᠨ ᠪᠠᠶᠢᠳᠠᠯ ᠢ ᠵᠢᠯᠤᠭᠤᠳᠬᠤ ᠲᠥᠪ ᠲᠤ ᠨᠠᠷᠢᠨ ᠬᠢᠨᠠᠮᠠᠭᠠᠶ ᠮᠡᠳᠡᠭᠦᠯᠵᠦ᠂ ᠪᠠᠶᠢᠳᠠᠯ ᠢ ᠭᠦᠢᠴᠡᠳ ᠦᠨᠡᠯᠡᠨ ᠵᠢᠱᠢᠵᠦ᠂ ᠴᠢᠬᠤᠯᠠ ᠲᠠᠢ ᠥᠶ᠎ᠡ ᠳᠤ ᠲᠤᠰᠠᠯᠠᠮᠵᠢ ᠭᠤᠶᠤᠴᠢᠯᠠᠨ᠎ᠠ᠃      ︵ᠭᠤᠷᠪᠠ︶ ᠬᠦᠮᠦᠰ ᠢ ᠲᠠᠷᠬᠠᠭᠠᠬᠤ᠄ ᠲᠤᠬᠠᠶ  ᠶᠢᠨ  ᠲᠠᠯᠠᠪᠠᠢ  ᠳᠠᠬᠢ  ᠬᠠᠮᠢᠶ᠎ᠠ  ᠦᠭᠡᠢ  ᠬᠥᠮᠦᠰ ᠢ  ᠲᠠᠷᠬᠠᠭᠠᠵᠤ᠂ ᠰᠢᠷᠬᠠᠲᠤᠬᠤ ᠠᠴᠠ ᠰᠡᠷᠭᠡᠶᠢᠯᠡᠨ᠎ᠡ᠃     ︵ᠳᠥᠷᠪᠡ︶ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ᠄ ᠪᠡᠶ᠎ᠡ ᠶᠢᠨ ᠭᠠᠷᠤᠯ ᠢᠶᠠᠨ ᠲᠣᠳᠤᠷᠬᠠᠶᠢᠯᠠᠵᠤ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃      ︵ᠲᠠᠪᠤ︶ ᠠᠮᠠᠨ ᠰᠡᠷᠡᠮᠵᠢ ᠥᠭᠬᠦ᠄ ᠲᠤᠬᠠᠶ ᠶᠢᠨ ᠲᠠᠯᠠᠪᠤᠷ ᠤᠨ ᠪᠠᠶᠢᠳᠠᠯ ᠢ ᠡᠵᠡᠮᠳᠡᠵᠦ᠂ ᠨᠥᠭᠦᠭᠡ ᠡᠲᠡᠭᠡᠳ ᠢᠶᠠᠨ ᠠᠯᠪᠠᠳᠠᠨ ᠵᠠᠷᠯᠢᠭ ᠢ ᠳᠠᠭᠠᠭᠤᠯᠬᠤ᠃      ︵ᠵᠢᠷᠭᠤᠭ᠎ᠠ︶ ᠪᠠᠭᠠᠵᠢ ᠬᠡᠷᠡᠭᠰᠡᠯ ᠬᠡᠷᠡᠭᠯᠡᠬᠦ᠄ ᠪᠠᠶᠢᠳᠠᠯ ᠢ ᠨᠢ ᠦᠵᠡᠵᠦ ᠪᠠᠶᠢᠭᠠᠳ ᠴᠠᠭᠳᠠᠭᠠᠨ ᠤ ᠵᠡᠪᠰᠡᠭ ᠪᠠ ᠵᠡᠪᠰᠡᠭ ᠢ ᠡᠷᠡᠰ ᠰᠢᠭᠤᠷᠬᠠᠶ ᠪᠠᠷ ᠬᠡᠷᠡᠭᠯᠡᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠦᠳᠲᠡᠷ ᠲᠦᠷᠭᠡᠨ ᠬᠤᠷᠢᠭᠯᠠᠨ ᠵᠣᠭᠰᠣᠭᠠᠨ᠎ᠠ᠃      ︵ᠳᠣᠯᠤᠭ᠎ᠠ︶ ᠴᠢᠩᠭ᠎ᠠ ᠬᠢᠵᠠᠭᠠᠷᠯᠠᠬᠤ᠄ ᠰᠡᠵᠢᠭᠳᠡᠨ ᠢ ᠠᠮᠵᠢᠯᠲᠠ ᠲᠠᠢ ᠡᠵᠡᠮᠳᠡᠭᠰᠡᠨ ᠤ ᠳᠠᠷᠠᠭ᠎ᠠ᠂ ᠬᠠᠤᠯᠢ ᠶᠣᠰᠣᠭᠠᠷ ᠴᠠᠭᠳᠠᠭᠠᠨ ᠤ ᠪᠠᠭᠠᠵᠢ ᠬᠡᠷᠡᠭᠯᠡᠵᠦ ᠬᠢᠵᠠᠭᠠᠷᠯᠠᠨ᠎ᠠ᠃      ︵ᠨᠠᠢᠮᠠ︶ ᠪᠡᠶ᠎ᠡ ᠨᠡᠩᠵᠢᠬᠦ᠄ ᠠᠪᠤᠨ ᠪᠡᠶ᠎ᠡ ᠨᠡᠩᠵᠢᠵᠦ ᠳᠠᠯᠳᠠ ᠭᠡᠮ ᠢ ᠠᠷᠢᠯᠭᠠᠬᠤ ᠶᠢᠨ ᠬᠠᠮᠳᠤ ᠲᠤᠬᠠᠶ ᠶᠢᠨ ᠲᠠᠯᠠᠪᠠᠶ ᠠᠴᠠ ᠠᠮᠤᠷ ᠲᠦᠪᠰᠢᠨ ᠢᠶᠠᠷ ᠠᠪᠴᠤ ᠲᠦᠷᠭᠡᠨ ᠰᠠᠯᠬᠤ ᠬᠡᠷᠡᠭᠲᠡᠶ᠃      ︵ᠶᠢᠰᠦ︶ ᠬᠠᠤᠯᠢ ᠶᠣᠰᠣᠭᠠᠷ ᠡᠮᠨᠡᠨ ᠵᠠᠰᠠᠬᠤ᠄ ᠰᠡᠵᠢᠭᠯᠡᠯᠲᠡᠶ ᠬᠥᠮᠦᠨ ᠰᠢᠷᠬᠠᠲᠤᠭᠰᠠᠨ ᠪᠣᠯ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠳᠤᠲᠠᠭᠠᠬᠤ᠂ ᠥᠪᠡᠷ ᠢ ᠪᠠᠨ ᠰᠢᠷᠬᠠᠳᠤᠭᠤᠯᠬᠤ᠂ ᠪᠡᠶ᠎ᠡ ᠪᠠᠨ ᠬᠤᠤᠷᠯᠠᠬᠤ ᠵᠡᠷᠭᠡ ᠶᠢ ᠰᠡᠷᠭᠡᠶᠢᠯᠡᠨ᠎ᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ