ᠤᠯᠠᠭᠠᠢ ᠬᠠᠮᠢᠶᠠᠷᠤᠯᠳᠠ ᠶᠢᠨ ᠤᠷᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠭᠠᠯ ᠤᠨᠳᠠᠷᠠᠭᠠᠬᠤ ᠠᠪᠤᠷᠠᠨ ᠲᠤᠰᠠᠯᠠᠬᠤ ᠠᠩᠭᠢ ᠲᠠᠢ ᠬᠤᠯᠪᠤᠭᠠᠯᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠰᠤᠷᠢᠯᠲᠠ ᠬᠢᠪᠡ
ᠨᠡᠶᠢᠲᠡᠯᠡᠭᠰᠡᠨ ᠴᠠᠭ᠄
2021/7/28
         ᠤᠯᠠᠭᠠᠢ ᠬᠠᠮᠢᠶᠠᠷᠤᠯᠳᠠ ᠶᠢᠨ ᠤᠷᠤᠨ ᠤ ᠲᠤᠳᠤᠭᠠᠳᠦ ᠶᠢ ᠬᠠᠮᠠᠭᠠᠯᠠᠬᠤ          ᠲᠤᠪᠴᠢᠶ᠎ᠠ ᠭᠠᠯ ᠤᠨᠳᠠᠷᠠᠭᠠᠬᠤ ᠠᠪᠤᠷᠠᠨ ᠲᠤᠰᠠᠯᠠᠬᠤ ᠠᠩᠭᠢ ᠲᠠᠢ ᠬᠤᠯᠪᠤᠭᠠᠯᠠᠨ          ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠰᠤᠷᠢᠯᠲᠠ ᠬᠢᠪᠡ                ᠦᠶᠡᠷ ᠤᠰᠤᠳᠤᠯ ᠤᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠮᠥᠨᠳᠥᠷ᠂ ᠴᠢᠩᠭ᠎ᠠ ᠰᠣᠯᠢᠭ ᠤᠷᠤᠰᠬᠠᠯ ᠵᠡᠷᠭᠡ ᠴᠠᠭ ᠠᠭᠤᠷ ᠲᠠᠰᠤᠷᠠᠯᠲᠠ ᠥᠬᠡᠶ ᠨᠡᠮᠡᠭᠳᠡᠪᠡ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠡᠭᠦᠰᠦᠭᠰᠡᠨ ᠬᠡᠷᠡᠭ ᠢ ᠲᠦᠷᠭᠡᠨ ᠲᠤᠰᠬᠠᠬᠤ᠂ ᠬᠠᠮᠲᠤᠷᠠᠨ ᠵᠢᠵᠢᠭᠦᠷᠯᠡᠵᠦ ᠬᠤᠯᠪᠣᠭᠠᠯᠠᠨ ᠬᠠᠮᠵᠢᠯᠴᠠᠬᠤ ᠵᠡᠷᠭᠡ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠤᠯᠪᠤᠭᠠᠯᠠᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ᠂ ᠦᠶᠡᠷ ᠤᠨ ᠬᠤᠭᠤᠴᠠᠭᠠᠨ ᠳᠤ ᠡᠯ᠎ᠡ ᠰᠠᠯᠠᠭ᠎ᠠ ᠮᠥᠴᠢᠷ ᠤᠨ ᠲᠦᠷᠭᠡᠨ ᠲᠤᠰᠬᠠᠯ ᠭᠠᠷᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    
     ᠰᠣᠷᠢᠯᠲᠠ ᠶᠢᠨ ᠵᠢᠱᠢᠶ᠎ᠡ᠄ ᠣᠶᠢᠷ᠎ᠠ ᠶᠢᠨ ᠬᠤᠭᠤᠴᠠᠭᠠᠨ ᠳᠤ ᠪᠣᠷᠣᠭᠠᠨ ᠦᠷᠭᠦᠯᠵᠢᠯᠡᠨ ᠣᠷᠣᠭᠰᠠᠨ ᠠᠴᠠ ᠪᠣᠯᠵᠣ᠂ ᠬᠠᠮᠢᠶᠠᠷᠤᠯᠲᠠ ᠶᠢᠨ ᠣᠷᠣᠨ ᠤ ᠲᠠᠪᠢᠨ ᠬᠤᠶᠠᠳᠤᠭᠠᠷ ᠬᠤᠷᠢᠶ᠎ᠠ ᠶᠢᠨ ᠬᠤᠲᠣᠭᠤᠷ ᠭᠠᠵᠠᠷ ᠤᠨ ᠤᠰᠤᠨ ᠤ ᠲᠦᠪᠰᠢᠨ ᠳᠡᠭᠡᠭᠰᠢᠯᠡᠵᠦ᠂ ᠬᠡᠰᠡᠭ ᠬᠡᠷ ᠪᠠᠶᠢᠰᠢᠩ᠂ ᠵᠠᠮ ᠵᠡᠷᠭᠡ ᠡᠪᠳᠡᠭᠳᠡᠵᠦ ᠰᠦᠢᠳᠦᠭᠰᠡᠨ ᠪᠣᠯᠬᠤᠷ ᠡᠷᠬᠡᠪᠰᠢ ᠣᠯᠠᠨ ᠲᠦᠮᠡᠨ ᠢ ᠳᠠᠷᠦᠢ ᠲᠦᠷᠭᠡᠨ ᠰᠢᠯᠵᠢᠭᠦᠯᠬᠦ ᠬᠡᠷᠡᠭᠳᠡᠢ᠃ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠦ᠋ᠢᠬᠠᠨ ᠡᠬᠢᠯᠡᠭᠦᠯᠵᠦ᠂ ᠪᠠᠶᠠᠨᠬᠤᠰᠢᠭᠤ ᠪᠠᠯᠭᠠᠰᠤᠨ ᠤ ᠲᠣᠮᠢᠯᠠᠭᠰᠠᠨ ᠰᠠᠯᠪᠤᠷᠢ᠂ ᠣᠨᠴᠠ ᠲᠥᠷᠦᠯ ᠤᠨ ᠴᠠᠭᠳᠠᠭ᠎ᠠ ᠶᠢᠨ ᠠᠩᠭᠢ᠂ ᠤᠯᠠᠭᠠᠶ ᠮᠠᠯᠵᠢᠯ ᠤᠨ ᠲᠠᠯᠠᠪᠠᠶ ᠶᠢᠨ ᠲᠣᠮᠢᠯᠠᠭᠰᠠᠨ ᠰᠠᠯᠪᠤᠷᠢ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢ ᠲᠣᠮᠢᠯᠠᠨ ᠲᠤᠬᠠᠶ  ᠶᠢᠨ  ᠲᠠᠯᠠᠪᠠᠶ  ᠳᠤ  ᠣᠴᠢᠭᠤᠯᠵᠤ  ᠦᠶᠡᠷ  ᠲᠠᠢ  ᠲᠡᠮᠡᠴᠡᠨ  ᠭᠠᠮᠰᠢᠭ  ᠠᠴᠠ  ᠠᠪᠤᠷᠬᠠᠤ  ᠡᠭᠦᠷᠭᠡ  ᠶᠢ  ᠭᠦᠢᠴᠡᠳᠬᠡᠪᠡ᠃ ᠲᠤᠬᠠᠢ ᠶᠢᠨ ᠲᠠᠯᠠᠪᠠᠢ ᠳᠤ ᠬᠦᠷᠦᠭᠰᠡᠨ ᠤ ᠳᠠᠷᠠᠭ᠎ᠠ᠂ ᠠᠪᠤᠷᠠᠯᠲᠠ ᠳᠤ ᠤᠷᠤᠯᠴᠠᠭᠰᠠᠨ ᠡᠯ᠎ᠡ ᠰᠠᠯᠠᠭ᠎ᠠ ᠮᠥᠴᠢᠷ ᠥᠪᠡᠷ ᠥᠪᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠳᠠᠷᠤᠢ ᠲᠦᠷᠭᠡᠨ ᠠᠵᠢᠯᠯᠠᠪᠠ᠃ ᠠᠪᠤᠷᠠᠯᠲᠠ ᠳᠤ ᠣᠷᠣᠯᠴᠠᠭᠰᠠᠨ ᠴᠠᠭᠳᠠᠭ᠎ᠠ ᠪᠣᠯᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠠᠵᠢᠯ ᠢᠶᠠᠷ ᠳᠡᠮᠵᠢᠨ᠂ ᠲᠦᠭᠰᠢᠭᠦᠷᠢᠲᠦ ᠪᠠᠶᠢᠳᠠᠯ ᠢ ᠪᠦᠲᠦᠮᠵᠢᠲᠡᠶ ᠡᠵᠡᠮᠳᠡᠵᠦ ᠴᠢᠳᠠᠭᠰᠠᠨ ᠮᠦᠷᠳᠡᠭᠡᠨ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠵᠢᠴᠢ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠡᠨᠡ ᠬᠦ ᠤᠳᠠᠭᠠᠨ ᠤ ᠵᠢᠱᠢᠭᠰᠡᠨ ᠰᠣᠷᠢᠯᠲᠠ ᠶᠢᠨ ᠳ᠋ᠦᠩ ᠳᠤ ᠬᠦᠷᠴᠦ ᠴᠢᠳᠠᠪᠠ᠃ ︵ᠤᠯᠠᠭᠠᠢ ᠬᠠᠮᠢᠶᠠᠷᠤᠯᠳᠠ ᠶᠢᠨ ᠣᠷᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ  ᠪᠠᠢ ᠯᠦᠩ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ