ᠠᠷᠠᠳ ᠤᠨ ᠴᠠᠭᠳᠠᠭ᠎ᠠ ᠡᠷᠦᠬᠡ ᠳᠤ ᠣᠷᠣᠵᠤ ᠬᠤᠯᠠᠭᠠᠶᠢᠯᠠᠭᠰᠠᠨ ᠬᠡᠷᠡᠭ ᠤᠨ ᠲᠤᠬᠠᠶ ᠶᠢᠨ ᠲᠠᠯᠠᠪᠠᠢ ᠶᠢ ᠬᠠᠶᠢᠨ ᠪᠠᠶᠢᠴᠠᠭᠠᠬᠤ ᠦᠶ᠎ᠡ ᠳᠤ ᠶᠠᠭᠠᠬᠢᠪᠠᠯ ᠵᠣᠬᠢᠬᠤ ᠪᠤᠢ︖
ᠨᠡᠶᠢᠲᠡᠯᠡᠭᠰᠡᠨ ᠴᠠᠭ᠄
2021/7/8
         ᠠᠷᠠᠳ ᠤᠨ ᠴᠠᠭᠳᠠᠭ᠎ᠠ ᠡᠷᠦᠬᠡ ᠳᠤ ᠣᠷᠣᠵᠤ ᠬᠤᠯᠠᠭᠠᠶᠢᠯᠠᠭᠰᠠᠨ ᠬᠡᠷᠡᠭ ᠤᠨ          ᠲᠤᠬᠠᠶ ᠶᠢᠨ ᠲᠠᠯᠠᠪᠠᠢ ᠶᠢ ᠬᠠᠶᠢᠨ ᠪᠠᠶᠢᠴᠠᠭᠠᠬᠤ ᠦᠶ᠎ᠡ ᠳᠤ ᠶᠠᠭᠠᠬᠢᠪᠠᠯ ᠵᠣᠬᠢᠬᠤ ᠪᠤᠢ︖          ︵ᠨᠢᠭᠡ︶ ᠬᠠᠶᠢᠨ ᠪᠠᠶᠢᠴᠠᠭᠠᠬᠤ ᠭᠤᠤᠯᠳᠠᠯᠭ᠎ᠠ᠄ ᠲᠤᠬᠠᠶ ᠶᠢᠨ ᠲᠠᠯᠠᠪᠠᠢ ᠶᠢᠨ ᠣᠷᠤᠴᠠ ᠭᠠᠷᠴᠠ᠂ ᠬᠡᠷᠡᠭ ᠡᠭᠦᠰᠦᠭᠰᠡᠨ ᠲᠥᠪ ᠭᠠᠵᠠᠷ ᠪᠠ ᠭᠠᠳᠠᠷ ᠲᠠᠯ᠎ᠠ ᠶᠢᠨ ᠣᠷᠣᠨ ᠪᠠᠶᠢᠷᠢ ᠶᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃      ︵ᠬᠤᠶᠠᠷ︶ ᠰᠠᠬᠢᠯᠭ᠎ᠠ ᠪᠠᠲᠤ ᠶᠢ ᠴᠢᠩᠳᠠᠯᠠᠬᠤ᠄ ᠲᠤᠬᠠᠶ ᠶᠢᠨ ᠲᠠᠯᠠᠪᠤᠷ ᠢ ᠬᠠᠮᠠᠭᠠᠯᠠᠨ᠂ ᠬᠠᠶᠢᠨ ᠪᠠᠶᠢᠴᠠᠭᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠲᠤᠬᠠᠶ ᠶᠢᠨ ᠲᠠᠯᠠᠪᠤᠷ ᠢ ᠪᠤᠵᠠᠷᠳᠤᠭᠤᠯᠬᠤ᠂ ᠡᠪᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠭᠤᠷᠪᠠ︶ ᠣᠷᠣᠮ ᠢ ᠲᠤᠭᠳᠠᠪᠤᠷᠢᠵᠢᠭᠤᠯᠬᠤ᠄ ᠡᠭᠦᠳᠡ ᠴᠣᠩᠬᠤ᠂ ᠰᠢᠯ᠂ ᠡᠭᠦᠳᠡᠨ ᠣᠨᠢᠰᠤ ᠪᠦᠷᠢᠨ ᠪᠦᠲᠦᠨ ᠪᠠᠶᠢᠬᠤ ᠡᠰᠡᠬᠦ ᠶᠢ ᠪᠥᠬᠦ ᠲᠠᠯ᠎ᠠ ᠪᠠᠷ ᠪᠠᠶᠢᠴᠠᠭᠠᠵᠤ᠂ ᠶᠠᠯᠠᠲᠤ ᠡᠲᠡᠭᠡᠳ ᠤᠨ ᠲᠤᠬᠠᠶ ᠶᠢᠨ ᠲᠠᠯᠠᠪᠤᠷ ᠲᠤ ᠦᠯᠡᠳᠡᠭᠡᠭᠰᠡᠨ ᠬᠤᠷᠤᠭᠤᠨ ᠣᠷᠣᠮ᠂ ᠭᠠᠷ ᠤᠨ ᠣᠷᠤᠮ᠂ ᠬᠥᠯ ᠤᠨ ᠮᠥᠷ᠂ ᠭᠢᠰᠬᠢᠭᠰᠡᠨ ᠣᠷᠤᠮ᠂ ᠳᠠᠭᠠᠯᠲᠠ ᠪᠣᠳᠠᠰ ᠵᠡᠷᠭᠡ ᠶᠢ ᠭᠠᠷᠭᠠᠨ ᠠᠪᠤᠨ᠎ᠠ᠃      ︵ᠳᠥᠷᠪᠡ︶ ᠪᠣᠳᠠᠰ ᠤᠨ ᠭᠡᠷᠡᠴᠢ ᠴᠤᠭᠯᠠᠭᠤᠯᠬᠤ᠄ ᠲᠤᠬᠠᠶ ᠶᠢᠨ ᠲᠠᠯᠠᠪᠠᠶ ᠠᠴᠠ ᠦᠯᠡᠳᠡᠭᠳᠡᠵᠦ ᠢᠷᠡᠭᠰᠡᠨ ᠡᠪᠳᠡᠭᠰᠡᠨ ᠣᠷᠣ ᠮᠥᠷ᠂ ᠦᠯᠡᠳᠡᠭᠳᠡᠯ ᠪᠣᠳᠠᠰ ᠵᠡᠷᠭᠡ ᠶᠢ ᠡᠷᠢᠨ᠎ᠡ᠃      ︵ᠲᠠᠪᠤ︶ ᠨᠠᠷᠢᠨ ᠨᠢᠮᠪᠠᠶ ᠬᠠᠶᠢᠨ ᠪᠠᠶᠢᠴᠠᠭᠠᠬᠤ᠄ ᠲᠤᠬᠠᠶ ᠶᠢᠨ ᠲᠠᠯᠠᠪᠠᠶ ᠶᠢᠨ ᠳᠥᠭᠦᠮ ᠲᠡᠮᠳᠡᠭᠯᠡᠯ ᠤᠨ ᠵᠢᠷᠤᠭ ᠢ ᠵᠢᠷᠤᠵᠤ᠂ ᠬᠠᠶᠢᠨ ᠪᠠᠶᠢᠴᠠᠭᠠᠭᠰᠠᠨ ᠲᠡᠮᠳᠡᠭᠯᠡᠯ ᠬᠢᠬᠦ ᠬᠡᠷᠡᠭᠲᠡᠶ᠃ ᠬᠡᠷᠡᠭ ᠤᠨ ᠲᠠᠯᠠᠪᠠᠢ ᠶᠢᠨ ᠵᠢᠷᠤᠭ᠂ ᠬᠡᠷᠡᠭ ᠤᠨ ᠲᠠᠯᠠᠪᠠᠢ ᠶᠢ ᠬᠠᠶᠢᠨ ᠪᠠᠶᠢᠴᠠᠭᠠᠭᠰᠠᠨ ᠲᠡᠮᠳᠡᠭᠯᠡᠯ ᠢ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ ᠬᠠᠶᠢᠨ ᠪᠠᠶᠢᠴᠠᠭᠠᠭᠴᠢ᠂ ᠲᠤᠬᠠᠶ ᠶᠢᠨ ᠬᠥᠮᠦᠨ ᠪᠤᠶᠤ ᠦᠵᠡᠨ ᠭᠡᠷᠡᠴᠢᠯᠡᠭᠴᠢ ᠭᠠᠷ ᠤᠨ ᠦᠰᠦᠭ ᠵᠢᠷᠤᠨ᠎ᠠ᠃    
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ