ᠠᠷᠠᠳ ᠤᠨ ᠴᠠᠭᠳᠠᠭ᠎ᠠ ᠵᠠᠮ ᠬᠠᠷᠢᠯᠴᠠᠭᠠᠨ ᠤ ᠭᠡᠨᠡᠳᠡᠯ ᠤᠨ ᠠᠬᠤᠶ ᠲᠠᠯᠠᠪᠠᠶ ᠶᠢ ᠬᠠᠶᠢᠨ ᠪᠠᠶᠢᠴᠠᠭᠠᠬᠤ ᠦᠶ᠎ᠡ ᠳᠤ᠂ ᠬᠡᠷᠬᠢᠬᠦ ᠪᠣᠶ︖
ᠨᠡᠶᠢᠲᠡᠯᠡᠭᠰᠡᠨ ᠴᠠᠭ᠄
2021/7/8
         ᠠᠷᠠᠳ ᠤᠨ ᠴᠠᠭᠳᠠᠭ᠎ᠠ ᠵᠠᠮ ᠬᠠᠷᠢᠯᠴᠠᠭᠠᠨ ᠤ ᠭᠡᠨᠡᠳᠡᠯ ᠤᠨ ᠠᠬᠤᠶ          ᠲᠠᠯᠠᠪᠠᠶ ᠶᠢ ᠬᠠᠶᠢᠨ ᠪᠠᠶᠢᠴᠠᠭᠠᠬᠤ ᠦᠶ᠎ᠡ ᠳᠤ᠂ ᠬᠡᠷᠬᠢᠬᠦ ᠪᠣᠶ︖          ︵ᠨᠢᠭᠡ︶ ᠰᠢᠷᠬᠠᠲᠤᠭᠰᠠᠳ ᠢ ᠠᠪᠤᠷᠠᠨ ᠲᠤᠰᠠᠯᠠᠬᠤ᠄ ᠲᠤᠬᠠᠶ ᠶᠢᠨ ᠲᠠᠯᠠᠪᠠᠢ ᠳᠤ ᠰᠢᠷᠬᠠᠲᠤᠭᠰᠠᠳ ᠢ ᠲᠡᠷᠡ ᠳᠠᠷᠤᠶ ᠳᠤ ᠨᠢ ᠠᠪᠤᠷᠠᠨ ᠲᠤᠰᠠᠯᠠᠵᠤ᠂ 120 ᠲᠦᠷᠭᠡᠨ ᠠᠪᠤᠷᠠᠯᠲᠠ ᠶᠢᠨ ᠤᠲᠠᠰᠤ ᠠᠪᠴᠤ᠂ ᠪᠠᠶᠢᠳᠠᠯ ᠢ ᠦᠵᠡᠵᠦ ᠲᠦᠷᠭᠡᠨ ᠠᠪᠤᠷᠠᠯᠲᠠ ᠬᠢᠨ᠎ᠡ᠃      ︵ᠬᠤᠶᠠᠷ︶ ᠰᠡᠵᠢᠭᠳᠡᠨ ᠢ ᠡᠵᠡᠮᠳᠡᠬᠦ᠄ ᠬᠡᠷᠡᠭ ᠭᠠᠷᠭᠠᠭᠰᠠᠨ ᠰᠡᠵᠢᠭᠳᠡᠨ ᠢ ᠬᠢᠵᠠᠭᠠᠷᠯᠠᠬᠤ ᠶᠢᠨ ᠬᠠᠮᠲᠤ ᠲᠤᠬᠠᠶ ᠶᠢᠨ ᠭᠠᠵᠠᠷ ᠲᠤ ᠨᠢ ᠨᠡᠩᠵᠢᠬᠦ ᠬᠡᠷᠡᠭᠲᠡᠶ᠃ ᠲᠡᠷᠭᠡ ᠬᠥᠰᠬᠡ ᠶᠢᠨ ᠵᠢᠯᠣᠭᠤᠴᠢ ᠳᠤ ᠠᠷᠢᠬᠢ ᠤᠤᠭᠤᠭᠰᠠᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠴᠢᠰᠤᠨ ᠤ ᠶᠠᠩᠵᠤ ᠶᠢ ᠭᠠᠷᠭᠠᠨ ᠠᠪᠬᠤ ᠬᠡᠷᠡᠭᠲᠡᠶ᠃ ᠬᠠᠮᠢᠶ᠎ᠠ ᠪᠦᠬᠦᠢ ᠭᠡᠷᠡᠴᠢᠯᠡᠭᠴᠢ ᠶᠢ ᠡᠷᠢᠵᠦ᠂ ᠯᠠᠪᠯᠠᠨ ᠠᠰᠠᠭᠤᠭᠰᠠᠨ ᠲᠡᠮᠳᠡᠭᠯᠡᠯ ᠬᠢᠬᠦ ᠬᠡᠷᠡᠭᠲᠡᠶ᠃      ︵ᠭᠤᠷᠪᠠ︶ ᠲᠤᠬᠠᠶ ᠶᠢᠨ ᠲᠠᠯᠠᠪᠠᠢ ᠶᠢ ᠬᠠᠮᠠᠭᠠᠯᠠᠬᠤ᠄ ᠰᠡᠷᠡᠮᠵᠢᠯᠡᠭᠦᠯᠬᠦ ᠪᠦᠰᠡ ᠲᠠᠲᠠᠵᠤ᠂ ᠬᠦᠷᠢᠶᠡᠯᠡᠨ ᠦᠵᠡᠬᠦ ᠣᠯᠠᠨ ᠲᠦᠮᠡᠨ ᠢ ᠲᠤᠰᠠᠭᠠᠷᠯᠠᠵᠤ᠂ ᠲᠤᠬᠠᠶ ᠶᠢᠨ ᠲᠠᠯᠠᠪᠠᠢ ᠶᠢ ᠬᠠᠮᠠᠭᠠᠯᠠᠬᠤ ᠬᠡᠷᠡᠭᠲᠡᠶ᠃      ︵ᠳᠥᠷᠪᠡ︶ ᠪᠠᠶᠢᠳᠠᠯ ᠢ ᠣᠶᠢᠯᠠᠭᠠᠬᠤ᠄ ᠣᠯᠵᠤ ᠦᠵᠡᠭᠰᠡᠨ ᠬᠥᠮᠦᠰ ᠪᠣᠯᠤᠨ ᠡᠷᠭᠢᠨ ᠲᠣᠭᠤᠷᠢᠨ ᠤ ᠣᠯᠠᠨ ᠲᠦᠮᠡᠨ ᠠᠴᠠ ᠠᠳᠡᠯ ᠤᠨ ᠲᠣᠪᠴᠢ ᠪᠠᠶᠢᠳᠠᠯ ᠢ ᠳᠠᠷᠦ᠋ᠢᠬᠠᠨ ᠣᠶᠢᠯᠠᠭᠠᠬᠤ ᠬᠡᠷᠡᠭᠲᠡᠶ᠃      ︵ᠲᠠᠪᠤ︶ ᠨᠠᠷᠢᠨ ᠨᠢᠮᠪᠠᠶ ᠬᠠᠶᠢᠨ ᠪᠠᠶᠢᠴᠠᠭᠠᠬᠤ᠄ ᠲᠤᠬᠠᠶ ᠶᠢᠨ ᠲᠠᠯᠠᠪᠠᠢ ᠶᠢ ᠰᠡᠭᠦᠳᠡᠷᠯᠡᠨ᠂ ᠲᠤᠬᠠᠶ ᠶᠢᠨ ᠲᠠᠯᠠᠪᠠᠢ ᠶᠢᠨ ᠳᠥᠭᠦᠮ ᠲᠡᠮᠳᠡᠭᠯᠡᠯ ᠤᠨ ᠵᠢᠷᠤᠭ ᠢ ᠵᠢᠷᠤᠵᠤ᠂ ᠬᠠᠶᠢᠨ ᠪᠠᠶᠢᠴᠠᠭᠠᠭᠰᠠᠨ ᠲᠡᠮᠳᠡᠭᠯᠡᠯ ᠬᠢᠬᠦ ᠬᠡᠷᠡᠭᠲᠡᠶ᠃ ᠬᠡᠷᠡᠭ ᠤᠨ ᠲᠠᠯᠠᠪᠠᠢ ᠶᠢᠨ ᠵᠢᠷᠤᠭ᠂ ᠬᠡᠷᠡᠭ ᠤᠨ ᠲᠠᠯᠠᠪᠠᠢ ᠶᠢ ᠬᠠᠶᠢᠨ ᠪᠠᠶᠢᠴᠠᠭᠠᠭᠰᠠᠨ ᠲᠡᠮᠳᠡᠭᠯᠡᠯ ᠢ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ ᠬᠠᠶᠢᠨ ᠪᠠᠶᠢᠴᠠᠭᠠᠭᠴᠢ᠂ ᠲᠤᠬᠠᠶ ᠶᠢᠨ ᠬᠥᠮᠦᠨ ᠪᠤᠶᠤ ᠦᠵᠡᠨ ᠭᠡᠷᠡᠴᠢᠯᠡᠭᠴᠢ ᠭᠠᠷ ᠤᠨ ᠦᠰᠦᠭ ᠵᠢᠷᠤᠨ᠎ᠠ᠃      ︵ᠵᠢᠷᠭᠤᠭ᠎ᠠ︶ ᠵᠠᠮ ᠬᠠᠷᠢᠯᠴᠠᠭ᠎ᠠ ᠶᠢ ᠰᠡᠷᠭᠦᠭᠡᠬᠦ᠄ ᠲᠤᠬᠠᠶ ᠶᠢᠨ ᠲᠠᠯᠠᠪᠠᠢ ᠶᠢᠨ ᠦᠯᠡᠳᠡᠭᠡᠭᠰᠡᠨ ᠡᠳ᠋ ᠪᠣᠳᠠᠰ ᠢ ᠪᠦᠷᠢᠳᠬᠡᠨ ᠳᠠᠩᠰᠠᠯᠠᠨ᠂ ᠲᠤᠬᠠᠶ ᠶᠢᠨ ᠲᠠᠯᠠᠪᠠᠢ ᠶᠢ ᠴᠡᠪᠡᠷᠯᠡᠵᠦ᠂ ᠵᠠᠮ ᠬᠠᠷᠢᠯᠴᠠᠭ᠎ᠠ ᠶᠢ ᠪᠦᠬᠦ ᠲᠠᠯ᠎ᠠ ᠪᠠᠷ ᠰᠡᠷᠭᠦᠭᠡᠨ᠎ᠡ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ