ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠪᠠ
ᠨᠡᠶᠢᠲᠡᠯᠡᠭᠰᠡᠨ ᠴᠠᠭ᠄
2021/8/14
         ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠮᠣᠷᠢᠲᠤ          ᠴᠠᠭᠳᠠᠭ᠎ᠠ ᠶᠢᠨ ᠠᠩᠭᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠪᠠ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠶᠢᠮᠦ ᠨᠢᠭᠡᠨ ᠣᠨᠴᠠᠭᠠᠶ ᠡᠩᠨᠡᠭᠡ ᠪᠠᠶᠢᠵᠤ᠂ ᠲᠠᠳᠠ ᠡᠷᠡᠯᠬᠡᠭ ᠪᠦᠷᠭᠦᠳ ᠪᠠ ᠮᠣᠷᠢ ᠲᠠᠢ ᠬᠠᠨᠢᠯᠠᠨ᠂ ᠡᠬᠡ ᠤᠯᠤᠰ ᠤᠨ ᠬᠠᠮᠤᠭ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠵᠤ᠂ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠲᠠᠳᠠ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠠᠭᠴᠢ ᠲᠠᠯ᠎ᠠ ᠨᠤᠲᠤᠭ ᠤᠨ ᠮᠣᠷᠢᠲᠤ ᠴᠠᠭᠳᠠᠭ᠎ᠠ ᠶᠢᠨ ᠠᠩᠭᠢ ᠪᠣᠯᠤᠨ᠎ᠠ᠃    
     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠷᠢᠶᠠᠲᠤ ᠣᠷᠣᠨ ᠤ ᠲᠠᠯᠠᠪᠠᠶ ᠶᠡᠭᠡ᠂ ᠬᠡᠰᠡᠭ ᠮᠠᠯᠵᠢᠬᠤ ᠣᠷᠣᠨ ᠲᠡᠷᠭᠡ ᠠᠶᠠᠯᠠᠬᠤ ᠨᠥᠬᠦᠴᠡᠯ ᠠᠨᠠᠶ ᠪᠣᠯᠬᠤᠷ ᠨᠤᠲᠤᠭ ᠪᠡᠯᠴᠢᠭᠡᠷ ᠢ ᠬᠠᠮᠠᠭᠠᠯᠠᠬᠤ᠂ ᠮᠠᠯᠴᠢᠳ ᠲᠤ ᠨᠠᠩ ᠰᠠᠶᠢᠨ ᠦᠢᠯᠡᠴᠢᠯᠡᠬᠦ᠂ ᠦᠵᠡᠮᠵᠢ ᠶᠢᠨ ᠣᠷᠣᠨ ᠤ ᠵᠤᠭᠠᠴᠠᠭᠰᠠᠳ ᠲᠤ ᠦᠢᠯᠡᠴᠢᠯᠡᠬᠦ ᠶᠢᠨ ᠲᠥᠯᠥᠭᠡ᠂ ᠡᠨᠡ ᠵᠢᠯ ᠤᠨ 5 ᠳ᠋ᠤᠭᠠᠷ ᠰᠠᠷ᠎ᠠ ᠳᠤ ᠡᠨᠡ ᠬᠦ ᠮᠣᠷᠢᠲᠤ ᠴᠠᠭᠳᠠᠭ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠭᠤᠤᠯᠳᠠᠭᠤ ᠪᠥᠬᠦ ᠬᠤᠰᠢᠭᠤᠨ ᠤ ᠶᠣᠰᠣᠯᠠᠯ ᠤᠨ ᠵᠢᠭᠰᠠᠭᠠᠯ᠂ ᠲᠣᠭᠤᠷᠢᠨ ᠴᠠᠭᠳᠠᠵᠤ ᠰᠤᠷᠪᠤᠯᠵᠢᠯᠠᠬᠤ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ᠂ ᠴᠠᠭᠳᠠᠨ ᠡᠵᠡᠮᠳᠡᠵᠦ ᠪᠦᠰᠡᠯᠡᠨ ᠪᠠᠷᠢᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠢᠭᠤᠯᠴᠢᠯᠠᠯ ᠤᠨ ᠠᠪᠤᠷᠠᠨ ᠲᠤᠰᠠᠯᠠᠯᠲᠠ᠂ ᠨᠠᠭᠠᠳᠤᠮ ᠤᠨ ᠠᠮᠤᠷ ᠢ ᠬᠠᠮᠠᠭᠠᠯᠠᠬᠤ ᠪᠠ ᠶᠣᠰᠣᠯᠠᠯ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠪᠡ᠃    
     ᠮᠣᠷᠢᠲᠤ  ᠴᠠᠭᠳᠠᠭ᠎ᠠ  ᠶᠢᠨ  ᠠᠩᠭᠢ  ᠶᠢᠨ  8  ᠮᠣᠷᠢᠲᠠᠨ  ᠲᠠᠮᠢᠷᠴᠢᠨ  ᠢ  ᠨᠠᠷᠢᠨ  ᠰᠣᠩᠭᠤᠵᠤ  ᠵᠣᠬᠢᠶᠠᠨ  ᠪᠠᠶᠢᠭᠤᠯᠵᠤ᠂ ᠭᠡᠰᠢᠭᠦᠳ ᠤᠨ ᠳᠤᠮᠳᠠᠴᠢ ᠨᠠᠰᠤ ᠨᠢ ᠴᠥᠮ 32 ᠣᠷᠴᠢᠮ ᠪᠠᠶᠢᠵᠤ᠂ ᠮᠣᠩᠭᠤᠯ ᠬᠢᠲᠠᠳ ᠬᠤᠶᠠᠷ ᠦᠨᠳᠦᠰᠦᠲᠡᠨ ᠢᠶᠠᠷ ᠪᠦᠷᠢᠯᠳᠦᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠩᠬᠠᠳᠠᠭᠴᠢ ᠮᠣᠷᠢᠲᠤ ᠴᠠᠭᠳᠠᠭ᠎ᠠ ᠶᠢᠨ ᠡᠩᠨᠡᠭᠡ ᠶᠢ ᠰᠠᠶᠢᠲᠤᠷ ᠪᠠᠶᠢᠭᠤᠯᠬᠤ ᠶᠢᠨ ᠲᠥᠯᠥᠭᠡ᠂ ᠬᠤᠰᠢᠭᠤᠨ ᠤ ᠲᠣᠪᠴᠢᠶ᠎ᠠ ᠲᠤᠰᠬᠠᠶ ᠮᠡᠷᠭᠡᠵᠢᠯ ᠤᠨ ᠰᠤᠷᠭᠠᠭᠴᠢ ᠤᠷᠢᠵᠤ᠂ ᠲᠡᠳᠡᠨ ᠳᠤ ᠡᠩᠨᠡᠭᠡ᠂ ᠲᠠᠮᠢᠷ ᠲᠡᠩᠬᠡᠭᠡ᠂ ᠤᠷ᠎ᠠ ᠴᠢᠳᠠᠪᠤᠷᠢ ᠵᠡᠷᠭᠡ ᠵᠢᠩᠬᠢᠨᠢ ᠪᠣᠯᠪᠠᠰᠤᠷᠠᠯ ᠬᠢᠯᠭᠡᠵᠦ᠂ ᠭᠡᠰᠢᠭᠦᠳ ᠤᠨ ᠪᠦᠬᠦᠯᠢ ᠴᠣᠭᠴᠠ ᠶᠢᠨ ᠬᠡᠪ ᠴᠢᠨᠠᠷ ᠢ ᠲᠦᠷᠭᠡᠨ ᠢᠶᠠᠷ ᠳᠡᠭᠡᠭᠰᠢᠯᠡᠭᠦᠯᠪᠡ᠃ ᠦᠨᠳᠦᠰᠦᠨ ᠮᠡᠳᠡᠯᠭᠡ᠂ ᠲᠠᠮᠢᠷ ᠪᠠ ᠤᠷ᠎ᠠ ᠴᠢᠳᠠᠪᠤᠷᠢ ᠵᠡᠷᠭᠡ ᠪᠠᠶᠢᠯᠳᠤᠬᠤ ᠠᠷᠭ᠎ᠠ ᠶᠢᠨ ᠪᠣᠯᠪᠠᠰᠤᠷᠠᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠮᠣᠷᠢᠲᠤ ᠴᠠᠭᠳᠠᠭ᠎ᠠ ᠶᠢᠨ ᠠᠩᠭᠢ ᠶᠢᠨ ᠭᠡᠰᠢᠭᠦᠳ ᠨᠠᠩ ᠴᠤ ᠰᠢᠷᠭᠠᠭᠤ ᠬᠠᠲᠠᠭᠤᠵᠢᠯᠲᠠᠶ ᠪᠣᠯᠪᠠᠰᠤᠷᠠᠵᠤ᠂ ᠰᠤᠷᠭᠠᠭᠴᠢ ᠶᠢᠨ ᠲᠣᠭᠲᠠᠭᠠᠭᠰᠠᠨ ᠪᠣᠯᠪᠠᠰᠤᠷᠠᠯ ᠤᠨ ᠲᠥᠯᠥᠪᠯᠡᠭᠡ ᠶᠣᠰᠣᠭᠠᠷ᠂ ᠬᠡᠭᠡᠷ᠎ᠡ ᠭᠠᠳᠠᠨ᠎ᠠ ᠮᠣᠷᠢ ᠤᠨᠤᠬᠤ᠂ ᠮᠣᠷᠢ ᠤᠨᠤᠵᠤ ᠨᠡᠬᠡᠬᠦ᠂ ᠮᠣᠷᠢ ᠤᠨᠤᠵᠤ ᠨᠡᠬᠡᠨ ᠴᠣᠬᠢᠬᠤ᠂ ᠵᠢᠭᠳᠡ ᠤᠷᠤᠭᠰᠢᠯᠠᠬᠤ ᠵᠡᠷᠭᠡ ᠲᠥᠷᠥᠯ ᠵᠦᠢᠯ ᠤᠨ ᠪᠣᠯᠪᠠᠰᠤᠷᠠᠯ ᠢ ᠪᠡᠶᠡᠯᠡᠭᠦᠯᠵᠦ᠂ ᠴᠠᠭᠳᠠᠭ᠎ᠠ ᠪᠠ ᠮᠣᠷᠢᠨ ᠤ ᠬᠠᠮᠵᠢᠯᠴᠠᠭ᠎ᠠ ᠶᠢ ᠭᠦᠢᠴᠡᠳ ᠪᠣᠯᠪᠠᠰᠤᠷᠠᠭᠤᠯᠪᠠ᠃    
     ᠰᠠᠷ᠎ᠠ ᠬᠠᠭᠠᠰ ᠤᠨ ᠪᠣᠯᠪᠠᠰᠤᠷᠠᠯ ᠢᠶᠠᠷ ᠳᠠᠮᠵᠢᠨ᠂ 7 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠣᠷᠢᠲᠤ ᠴᠠᠭᠳᠠᠭ᠎ᠠ ᠶᠢᠨ ᠠᠩᠭᠢ ᠠᠩᠬ᠎ᠠ ᠤᠳᠠᠭ᠎ᠠ ᠰᠢᠷᠠᠮᠥ᠋ᠷᠡᠨ ᠪᠠᠯᠭᠠᠰᠤᠨ ᠳᠤ ᠲᠣᠭᠤᠷᠢᠨ ᠴᠠᠭᠳᠠᠵᠤ᠂ ᠲᠡᠭᠦᠨ ᠠᠴᠠ ᠬᠤᠶᠢᠰᠢ ᠡᠳᠦᠷ ᠪᠦᠷᠢ ᠮᠣᠷᠢᠲᠤ ᠴᠠᠭᠳᠠᠭ᠎ᠠ ᠶᠢᠨ ᠠᠩᠭᠢ ᠰᠢᠷᠠᠮᠥ᠋ᠷᠡᠨ ᠤ ᠡᠯ᠎ᠡ ᠶᠡᠭᠡ ᠦᠵᠡᠮᠵᠢ ᠶᠢᠨ ᠣᠷᠣᠨ᠂ ᠪᠠᠯᠭᠠᠰᠤᠨ ᠤ ᠵᠡᠭᠡᠯᠢ ᠭᠤᠳᠤᠮᠵᠢ ᠪᠠᠷ ᠲᠣᠭᠤᠷᠢᠨ ᠴᠠᠭᠳᠠᠪᠠ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ