ᠠᠷᠠᠳ ᠤᠨ ᠴᠠᠭᠳᠠᠭ᠎ᠠ ᠨᠠᠰᠤᠨ ᠳᠤ ᠥᠯᠥ ᠭᠦᠷᠦᠭᠰᠡᠳ ᠪᠠᠷᠢᠪᠴᠢᠯᠠᠭᠳᠠᠬᠤ ᠡᠲᠡᠭᠡᠳ ᠤᠨ ᠳᠡᠷᠭᠡᠳᠡ ᠪᠠᠶᠢᠬᠤ ᠥᠶ᠎ᠡ ᠳᠤ᠂ ᠶᠠᠭᠠᠬᠢᠪᠠᠯ ᠵᠣᠬᠢᠬᠤ ᠪᠣᠶ︖
ᠨᠡᠶᠢᠲᠡᠯᠡᠭᠰᠡᠨ ᠴᠠᠭ᠄
2021/8/18
         ᠠᠷᠠᠳ ᠤᠨ ᠴᠠᠭᠳᠠᠭ᠎ᠠ ᠨᠠᠰᠤᠨ ᠳᠤ ᠥᠯᠥ ᠭᠦᠷᠦᠭᠰᠡᠳ ᠪᠠᠷᠢᠪᠴᠢᠯᠠᠭᠳᠠᠬᠤ          ᠡᠲᠡᠭᠡᠳ ᠤᠨ ᠳᠡᠷᠭᠡᠳᠡ ᠪᠠᠶᠢᠬᠤ ᠥᠶ᠎ᠡ ᠳᠤ᠂ ᠶᠠᠭᠠᠬᠢᠪᠠᠯ ᠵᠣᠬᠢᠬᠤ ᠪᠣᠶ︖          ︵ᠨᠢᠭᠡ︶ ᠰᠠᠯᠤᠰᠢ ᠦᠭᠡᠢ ᠮᠥᠷᠳᠡᠬᠦ᠄ ᠨᠢᠭᠤᠴᠠ ᠪᠠᠷ ᠮᠥᠷᠳᠡᠨ᠂ ᠰᠡᠵᠢᠭᠳᠡᠨ ᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠴᠠᠭ ᠲᠣᠬᠢᠶᠠᠯ ᠢ ᠣᠨᠣᠪᠴᠢᠲᠠᠶ ᠠᠰᠢᠭᠯᠠᠵᠤ᠂ ᠲᠡᠭᠦᠨ ᠢ ᠰᠠᠯᠭᠠᠭᠰᠠᠨ ᠤ ᠳᠠᠷᠠᠭ᠎ᠠ ᠳᠠᠷᠤᠶ ᠲᠦᠷᠭᠡᠨ ᠪᠠᠷᠢᠪᠴᠢᠯᠠᠬᠤ ᠠᠵᠢᠯᠯᠠᠭ᠎ᠠ ᠠᠪᠤᠨ᠎ᠠ᠃      ︵ᠬᠤᠶᠠᠷ︶ ᠴᠠᠭ ᠲᠣᠬᠢᠶᠠᠯ ᠢ ᠬᠦᠯᠢᠶᠡᠬᠦ᠄ ᠲᠤᠬᠠᠶ ᠶᠢᠨ ᠲᠠᠯᠠᠪᠠᠢ ᠶᠢᠨ ᠡᠯ᠎ᠡ ᠵᠦᠢᠯ ᠤᠨ ᠪᠠᠶᠢᠳᠠᠯ ᠢ ᠶᠡᠷᠥᠩᠬᠡᠶᠢᠯᠡᠨ ᠵᠠᠳᠠᠯᠵᠤ᠂ ᠬᠡᠷᠪᠡ ᠰᠡᠵᠢᠭᠳᠡᠨ ᠣᠬᠤᠷᠬᠠᠨ ᠬᠤᠭᠤᠴᠠᠭᠠᠨ ᠳᠤ ᠨᠠᠰᠤᠨ ᠳᠤ ᠦᠯᠦ ᠬᠦᠷᠦᠭᠰᠡᠳ ᠠᠴᠠ ᠰᠠᠯᠬᠤ ᠶᠢᠨ ᠠᠷᠭ᠎ᠠ ᠦᠭᠡᠢ ᠪᠣᠯ ᠨᠥᠬᠦᠴᠡᠯ ᠨᠢ ᠵᠥᠪᠰᠢᠶᠡᠷᠡᠭᠰᠡᠨ ᠪᠠᠶᠢᠳᠠᠯ ᠳᠣᠣᠷ᠎ᠠ ᠴᠠᠭ ᠲᠣᠬᠢᠶᠠᠯ ᠢ ᠦᠵᠡᠵᠦ ᠪᠠᠶᠢᠭᠠᠳ ᠲᠡᠭᠦᠨ ᠢ ᠪᠠᠷᠢᠪᠴᠢᠯᠠᠬᠤ ᠶᠢ ᠲᠦᠷ ᠬᠤᠶᠢᠰᠢᠯᠠᠭᠤᠯᠵᠤ ᠪᠣᠯᠤᠨ᠎ᠠ᠃     ︵ᠭᠤᠷᠪᠠ︶ ᠪᠣᠯᠪᠠᠰᠤᠨ ᠲᠣᠬᠢᠳᠠᠢ ᠪᠠᠷᠢᠪᠴᠢᠯᠠᠬᠤ᠄ ᠪᠠᠶᠢᠳᠠᠯ ᠪᠠᠴᠢᠮ᠂ ᠵᠠᠪᠠᠯ ᠪᠠᠷᠢᠪᠴᠢᠯᠠᠬᠤ ᠴᠢᠬᠤᠯᠠ ᠲᠠᠢ ᠥᠶ᠎ᠡ ᠳᠤ᠂ ᠠᠷᠭ᠎ᠠ ᠮᠠᠶ᠋ᠢᠭ ᠪᠠ ᠠᠷᠭ᠎ᠠ ᠠᠪᠴᠠᠯ ᠢᠶᠠᠨ ᠠᠩᠬᠠᠷᠴᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠶ᠃ ᠰᠡᠵᠢᠭᠳᠡᠨ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠦᠶᠡᠰ᠂ ᠠᠯᠢ ᠴᠢᠳᠠᠬᠤ ᠪᠠᠷ ᠨᠡᠯᠢᠶᠡᠳ ︽ᠨᠠᠮᠳᠠᠭᠤᠯᠬᠤ︾ ᠪᠠᠷᠢᠪᠴᠢᠯᠠᠬᠤ ᠠᠷᠭ᠎ᠠ ᠬᠡᠯᠪᠡᠷᠢ ᠶᠢ ᠠᠪᠤᠨ᠎ᠠ᠃ ᠨᠠᠰᠤᠨ ᠳᠤ ᠥᠯᠥ ᠬᠦᠷᠦᠭᠰᠡᠳ ᠢ ᠲᠤᠰᠬᠠᠶ ᠬᠥᠮᠦᠨ ᠬᠠᠮᠠᠭᠠᠯᠠᠵᠤ ᠬᠠᠷᠠᠭᠠᠯᠵᠠᠬᠤ ᠶᠢ ᠲᠣᠳᠣᠷᠬᠠᠶᠢᠯᠠᠵᠤ᠂ ᠨᠠᠰᠤᠨ ᠳᠤ ᠥᠯᠥ ᠬᠦᠷᠦᠭᠰᠡᠳ ᠤᠨ ᠬᠢᠨᠠᠨ ᠬᠠᠮᠠᠭᠠᠯᠠᠭᠴᠢ ᠳᠤ ᠳᠠᠷᠦ᠋ᠢᠬᠠᠨ ᠮᠡᠳᠡᠭᠳᠡᠵᠦ ᠭᠥᠯᠢᠶᠡᠨ ᠠᠪᠴᠤ ᠬᠠᠮᠢᠶᠠᠷᠤᠭᠤᠯᠬᠤ ᠬᠡᠷᠡᠭᠲᠡᠶ᠃
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ